ᠶᠤᠸᠠᠨ ᠪᠦᠦ ᠱᠠᠨ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠮᠥᠷᠥᠶᠢᠴᠡᠭᠡᠨ ᠤ ︽ᠲᠠᠮᠢᠷ ᠤᠨ ᠱᠠᠩᠨᠠᠯᠲᠤ ᠬᠤᠨᠳᠠᠭᠠᠲᠤ︾ ᠫᠢᠩᠫᠠᠩ ᠪᠥᠮᠪᠦᠭᠡ ᠶᠢᠨ ᠢᠳᠡ ᠥᠷᠨᠢᠭᠦᠨ ᠡᠬᠢᠯᠡᠵᠡᠢ
ᠨᠡᠶᠢᠲᠡᠯᠡᠭᠰᠡᠨ ᠴᠠᠭ᠄
2023/3/31
    3 ᠰᠠᠷ᠎ᠠ ᠶᠢᠨ 25᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠶᠤᠸᠠᠨ ᠪᠦᠦ ᠱᠠᠨ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠮᠥᠷᠥᠶᠢᠴᠡᠭᠡᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠰᠢᠶᠠᠩ ᠶᠠᠩ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠫᠢᠩᠫᠠᠩ ᠪᠥᠮᠪᠦᠭᠡ ᠥᠳᠥᠨ ᠪᠥᠮᠪᠦᠭᠡ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠵᠠᠩ ᠰᠢᠶᠣᠣ ᠫᠧᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠫᠧᠩ ᠰᠢᠶᠣᠣ ᠵᠢᠤᠸᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ ᠂ ᠤᠷᠤᠯᠳᠤᠭᠠᠨ ᠳᠤ ᠣᠷᠣᠯᠴᠠᠭᠰᠠᠳ ᠤᠨ ᠲᠥᠯᠥᠭᠡᠯᠡᠭᠴᠢ ᠂ ᠬᠢᠨᠠᠭᠴᠢ ᠶᠢᠨ ᠲᠥᠯᠥᠭᠡᠯᠡᠭᠴᠢ ᠲᠥᠪ ᠴᠢᠩᠭ᠎ᠠ ᠪᠠᠷ ᠲᠠᠩᠭᠠᠷᠢᠭᠯᠠᠵᠤ ᠂ ᠤᠷᠤᠯᠳᠤᠭᠠᠨ ᠤ ᠡᠷᠬᠡ ᠲᠡᠭᠰᠢ ᠲᠥᠪ ᠭᠤᠣᠯᠴᠢ ᠪᠠᠶᠢᠬᠤ ᠶᠢ ᠡᠷᠡᠰ ᠬᠠᠮᠠᠭᠠᠯᠠᠪᠠ ᠃ ᠵᠠᠩ ᠰᠢᠶᠣᠣ ᠫᠧᠩ ︽ ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ ︾ ᠫᠢᠩᠫᠠᠩ ᠪᠥᠮᠪᠦᠭᠡ ᠶᠢᠨ ᠤᠷᠤᠯᠳᠤᠭᠠᠨ ᠡᠬᠢᠯᠡᠭᠰᠡᠨ ᠢ ᠵᠠᠷᠯᠠᠪᠠ ᠃    ᠫᠧᠩ ᠰᠢᠶᠣᠣ ᠵᠢᠤᠸᠠᠨ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ ᠃ ᠲᠡᠷᠡ ᠂ ᠣᠶᠢᠷ᠎ᠠ ᠶᠢᠨ ᠵᠢᠯ ᠠᠴᠠ ᠶᠤᠸᠠᠨ ᠪᠦᠦ ᠱᠠᠨ ᠲᠣᠭᠤᠷᠢᠭ ᠤᠨ ᠬᠢᠨ ᠤᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠥᠨ᠂ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠦᠷᠭᠦᠯᠵᠢᠯᠡᠨ ᠲᠡᠭᠦᠯᠳᠡᠷᠵᠢᠵᠦ ᠂ ᠤᠷᠤᠯᠳᠤᠭᠠᠨ ᠤ ᠲᠦᠪᠰᠢᠨ ᠡᠳᠦᠷ ᠢᠷᠡᠬᠦᠶ᠎ᠡ ᠳᠡᠭᠡᠭᠰᠢᠯᠡᠵᠦ ᠂ ᠪᠡᠶ᠎ᠡ ᠶᠢᠨ ᠲᠠᠮᠢᠷ ᠤᠨ ᠦᠢᠯᠡᠰ ᠲᠦᠷᠭᠡᠨ ᠬᠥᠭᠵᠢᠯᠲᠡ ᠲᠠᠢ ᠪᠣᠯᠵᠠᠢ ᠃ ᠲᠣᠰ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠠᠷ ᠳᠡᠮᠵᠢᠨ᠂ ᠮᠠᠨ ᠤ ᠲᠣᠭᠤᠷᠢᠭ ᠤᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮᠵᠢ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠠᠢ᠃    ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠲᠠᠷᠠᠭ᠎ᠠ ᠂ ᠤᠷᠤᠯᠳᠤᠭᠠᠨ ᠵᠢᠩᠬᠢᠨᠢ ᠪᠠᠷ ᠡᠬᠢᠯᠡᠵᠦ ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠴᠢᠮ ᠲᠤᠯᠭᠠᠮ᠎ᠠ ᠪᠥᠭᠡᠳ ᠬᠦᠷ ᠬᠥᠭᠵᠢᠶᠡᠨ ᠲᠠᠢ ᠪᠠᠶᠢᠵᠤ ᠂ ᠤᠷᠤᠯᠳᠤᠭᠠᠨ ᠳᠤ ᠣᠷᠣᠯᠴᠠᠭᠰᠠᠳ ᠤᠷ᠎ᠠ ᠮᠡᠷᠭᠡᠵᠢᠯ ᠢᠶᠠᠨ ᠰᠣᠯᠢᠯᠴᠠᠬᠤ ᠶᠢᠨ ᠬᠠᠮᠲᠤ ᠬᠠᠶᠢᠷ᠎ᠠ ᠰᠡᠳᠬᠢᠯᠭᠡ ᠪᠠᠨ ᠴᠦ ᠰᠣᠯᠢᠯᠴᠠᠵᠠᠢ ᠃ ᠣᠶᠢᠯᠠᠭᠠᠭᠰᠠᠨ ᠢᠶᠠᠷ᠂ ᠲᠤᠰ ᠤᠳᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠬᠤᠶᠠᠷ ᠡᠳᠦᠷ ᠶᠠᠪᠤᠭᠳᠠᠵᠤ᠂ ᠨᠡᠶᠢᠲᠡ ᠬᠤᠷᠢᠨ ᠨᠠᠢᠮᠠᠨ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1