ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ 2023 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/31
   
1_副本.jpg
       3 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ‍ᠤᠨ‌‍ᠲ᠋ᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠬᠤᠲᠠ ᠶᠢᠨ 2023 ᠣᠨ ᠤ ᠭᠤᠣᠯᠳᠠᠯᠭ᠎ᠠ ᠲᠠᠢ ᠲᠥᠰᠥᠯ ᠤᠨ ᠲᠥᠪᠯᠡᠷᠡᠩᠭᠦᠢ ᠦᠵᠡᠭᠦᠯᠦᠯᠭᠡ ᠶᠢᠨ ᠠᠵᠢᠯᠯᠠᠭ᠎ᠠ ᠶᠢᠨ ᠳ᠋ᠦᠩᠨᠡᠯᠲᠡ ᠶᠢᠨ ᠦᠨᠡᠯᠡᠯᠲᠡ ᠶᠢᠨ ᠬᠤᠷᠠᠯ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠠᠬᠢᠨ ᠢᠶᠠᠷ ᠨᠡᠮᠡᠭᠳᠡᠵᠦ ᠲᠠᠰ ᠳᠡᠪᠰᠢᠬᠦ ᠶᠢ ᠠᠬᠢᠭᠤᠯᠬᠤ ᠵᠢᠴᠢ ᠪᠥᠬᠦ ᠬᠤᠲᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ᠂ ᠵᠢᠶᠣᠣ ᠴᠢᠩ ᠳ᠋ᠦᠩ᠂ ᠯᠢᠦ ᠱᠤᠸᠠᠩ᠂ ᠶᠢᠨ ᠮᠢᠩ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠰ ᠤᠨ ᠬᠦᠷᠢᠶᠡᠯᠡᠩ ᠤᠨ ᠡᠬᠢ ᠪᠠᠶᠠᠯᠢᠭ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠂ ᠭᠤᠣᠯᠯᠠᠭᠴᠢ ᠠᠵᠤ ᠠᠬᠤᠶᠢᠯᠠᠯ ᠤᠨ ᠰᠢᠨ᠎ᠡ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠰᠤᠳᠤᠯᠤᠨ ᠨᠡᠭᠡᠭᠡᠬᠦ ᠶᠢ ᠢᠳᠡᠪᠬᠢᠲᠡᠢ ᠠᠬᠢᠭᠤᠯᠵᠤ ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ ᠂ ᠠᠵᠤ ᠦᠢᠯᠡᠳᠪᠦᠷᠢ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠡᠨᠡᠬᠦ ︽ ᠠᠯᠳᠠᠨ ᠨᠡᠷ᠎ᠡ ᠶᠢᠨ ᠬᠠᠭᠤᠳᠠᠰᠤ ︾ ᠎ ᠶᠢ ᠭᠢᠯᠠᠶᠢᠲᠠᠯ᠎ᠠ ᠠᠷᠴᠢᠵᠤ ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ︽ ᠭᠤᠣᠯ ᠳᠠᠶᠢᠨ ᠤ ᠲᠠᠯᠠᠪᠤᠷ ︾ ᠪᠣᠯᠣᠨ ︽ ᠭᠤᠣᠯ ᠲᠤᠯᠭᠠᠭᠤᠷᠢ ︾ ᠪᠣᠯᠬᠤ ᠬᠡᠷᠡᠭᠲᠡᠢ ᠃ ᠤᠯᠤᠰ ᠤᠨ ᠲᠡᠰ ᠤᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠵᠢᠱᠢᠶ᠎ᠡ ᠦᠵᠡᠭᠦᠯᠬᠦ ᠲᠣᠭᠤᠷᠢᠭ ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ ᠂ ᠪᠦᠬᠦ ᠠᠵᠤ ᠦᠢᠯᠡᠰ ᠤᠨ ᠬᠡᠯᠬᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ ᠂ ᠬᠡᠯᠬᠢᠶ᠎ᠡ ᠪᠠᠶᠢᠭᠤᠯᠬᠤ ᠂ ᠬᠡᠯᠬᠢᠶ᠎ᠡ ᠶᠢ ᠤᠷᠲᠤᠳᠬᠠᠬᠤ ᠂ ᠬᠡᠯᠬᠢᠶ᠎ᠡ ᠶᠢ ᠨᠥᠬᠦᠪᠦᠷᠢᠯᠡᠬᠦ ᠂ ᠬᠡᠯᠬᠢᠶ᠎ᠡ ᠶᠢ ᠴᠢᠩᠭᠠᠳᠬᠠᠵᠤ ᠠᠷᠠᠯᠵᠢᠶᠠᠴᠢᠨ ᠤᠷᠢᠬᠤ ᠶᠢ ᠬᠦᠴᠦᠯᠡᠨ ᠬᠢᠵᠦ ᠂ ᠠᠵᠤ ᠦᠢᠯᠡᠰ ᠤᠨ ᠬᠡᠯᠬᠢᠶ᠎ᠡ ᠶᠢ ᠥᠨᠳᠥᠷ ᠨᠡᠮᠡᠯᠲᠡ ᠦᠷᠳᠡᠭ ᠤᠨ ᠭᠤᠣᠯ ᠭᠤᠭᠴᠤᠭ᠎ᠠ ᠲᠡᠶᠢᠰᠢ ᠤᠷᠲᠤᠳᠬᠠᠬᠤ ᠶᠢ ᠠᠬᠢᠭᠤᠯᠵᠤ ᠂ ︽ ᠨᠢᠭᠡ ᠶᠢ ᠣᠷᠣᠭᠤᠯᠪᠠᠯ ᠂ ᠨᠢᠭᠡ ᠪᠦᠯᠦᠭ ᠢ ᠠᠪᠴᠢᠷᠠᠵᠤ ᠂ ᠨᠢᠭᠡ ᠬᠡᠰᠡᠭ ᠢ ᠬᠥᠭᠵᠢᠭᠦᠯᠬᠦ ︾ ᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ ᠂ ︽ ᠦᠬᠦᠰᠢᠷᠡᠮᠡᠯ ᠠᠵᠤ ᠠᠬᠤᠶᠢᠯᠠᠯ ︾ ᠪᠣᠯᠣᠨ ︽ ᠪᠠᠶᠢᠭᠤᠯᠬᠤ ᠶᠢ ᠵᠣᠭᠰᠤᠭᠠᠭᠰᠠᠨ ᠲᠥᠰᠥᠯ︾ ᠎ ᠢ ᠲᠦᠷᠭᠡᠨ ᠰᠢᠢᠳᠪᠦᠷᠢᠯᠡᠵᠦ ᠂ ᠰᠤᠯᠠ ᠪᠠᠶᠢᠭ᠎ᠠ ᠡᠳ᠋ ᠬᠥᠷᠥᠩᠭᠡ ᠶᠢ ᠢᠳᠡᠪᠬᠢᠲᠡᠢ ᠠᠮᠢᠯᠠᠭᠤᠯᠵᠤ ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠭᠠᠵᠠᠷ ᠰᠢᠷᠣᠢ ᠶᠢᠨ ᠨᠥᠭᠡᠴᠡ ᠪᠣᠯᠣᠨ ᠬᠠᠮᠢᠶᠠᠷᠤᠯᠲᠠ ᠬᠡᠷᠡᠭᠯᠡᠯᠲᠡ ᠶᠢ ᠵᠢᠷᠤᠮᠵᠢᠭᠤᠯᠵᠤ ᠂ ᠭᠤᠣᠯᠳᠠᠯᠭ᠎ᠠ ᠲᠠᠢ ᠲᠥᠰᠥᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠰᠠᠶᠢᠲᠤᠷ ᠬᠢᠵᠦ ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠦ  ᠴᠢᠬᠤᠯᠠᠴᠢᠯᠠᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠢᠶᠠᠩ ᠪᠠᠯᠭᠠᠰᠤ ︽ ᠭᠤᠷᠪᠠ ᠶᠢ ᠨᠢᠭᠡ ᠴᠣᠭᠴᠠᠵᠢᠭᠤᠯᠬᠤ ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠴᠢᠳᠠᠪᠬᠢ ᠶᠢ ᠴᠢᠩᠭᠠᠳᠬᠠᠵᠤ ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ ᠂ ᠲᠣᠰᠬᠤᠨ ᠤ ᠳᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠳᠡᠭᠡ ᠶᠢᠨ ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠵᠦ ᠂ ︽ ᠭᠤᠷᠪᠠ ᠶᠢ ᠨᠢᠭᠡ ᠴᠣᠭᠴᠠᠵᠢᠭᠤᠯᠬᠤ ︾ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ ᠃ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠪᠣᠭᠤᠮᠢ ᠬᠢᠵᠠᠭᠠᠷᠯᠠᠯ ᠢ ᠲᠦᠷᠭᠡᠨ ᠡᠪᠳᠡᠵᠦ ᠂ ᠤᠳᠤ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠤ ᠲᠦᠰᠢᠭᠯᠡᠨ ᠂ ᠲᠥᠰᠥᠯ ᠢ ᠡᠮᠬᠢᠯᠡᠨ ᠪᠣᠳᠠᠲᠠᠶᠢᠵᠢᠭᠤᠯᠵᠤ ᠂ ᠡᠯ᠎ᠡ ᠲᠦᠷᠦᠯ ᠤᠨ ᠨᠡᠶᠢᠭᠡᠮ ᠤᠨ ᠬᠥᠷᠥᠩᠭᠡ ᠶᠢᠨ ᠬᠤᠪᠢ ᠣᠷᠣᠵᠤ ᠥᠭᠡᠷᠡᠴᠢᠯᠡᠯᠲᠡ ᠳᠤ ᠣᠷᠤᠯᠴᠠᠬᠤ ᠶᠢ ᠬᠥᠲᠥᠯᠥᠨ ᠵᠢᠯᠤᠭᠤᠳᠴᠤ ᠂ ᠡᠬᠢ ᠪᠠᠶᠠᠯᠢᠭ ᠢ ᠡᠳ᠋ ᠬᠥᠷᠥᠩᠭᠡᠵᠢᠭᠦᠯᠬᠦ ᠂ ᠡᠳ᠋ ᠬᠥᠷᠥᠩᠭᠡ ᠶᠢ ᠡᠳ᠋ ᠬᠥᠷᠥᠩᠭᠡᠵᠢᠭᠦᠯᠬᠦ ᠶᠢ ᠠᠬᠢᠭᠤᠯᠵᠤ ᠂ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠠᠰᠢᠭ ᠢ ᠪᠠᠲᠤᠳᠬᠠᠨ ᠳᠡᠭᠡᠭᠰᠢᠯᠡᠭᠦᠯᠬᠦ ᠬᠡᠷᠡᠭᠲᠡᠢ ᠃ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ ᠂ ᠨᠢᠭᠡ ᠪᠦᠯᠦᠭ ᠬᠥᠭᠵᠢᠯᠲᠡ ᠶᠢᠨ ᠢᠷᠡᠭᠡᠳᠦᠢ ᠪᠠᠷ ᠥᠷᠭᠡᠨ ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠰᠥᠯ ᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠴᠢᠳ ᠢ ᠪᠠᠶᠠᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠃ ︽ ᠬᠥᠳᠡᠭᠡ ᠠᠵᠤ ᠠᠬᠤᠢ + ᠵᠤᠭᠠᠴᠠᠯ ︾ ᠎ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠂ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠰᠤᠷᠤᠯᠴᠠᠵᠤ ᠂ ᠰᠠᠶᠢᠲᠤᠷ ᠰᠢᠩᠭᠡᠬᠡᠨ ᠠᠪᠴᠤ ᠂ ᠰᠠᠶᠢᠲᠤᠷ ᠬᠤᠪᠢᠷᠠᠭᠤᠯᠵᠤ ᠂ ᠮᠠᠨ ᠤ ᠲᠣᠭᠤᠷᠢᠭ ᠤᠨ ᠬᠥᠳᠡᠭᠡ ᠠᠵᠤ ᠠᠬᠤᠢ ᠪᠠ ᠵᠤᠭᠠᠴᠠᠯ ᠤᠨ ᠠᠵᠤ ᠦᠢᠯᠡᠰ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠂ ᠨᠡᠩ ᠤᠯᠠᠨ ᠰᠣᠳᠣᠨ ᠲᠥᠰᠥᠯ ᠢ ᠡᠭᠦᠳᠴᠦ ᠂ ᠬᠤᠳᠠ ᠬᠥᠳᠡᠭᠡ ᠶᠢ ᠠᠭᠤᠰᠤᠯᠴᠠᠭᠤᠯᠬᠤ ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠂ ᠪᠣᠬᠢᠷᠳᠤᠯ ᠦᠭᠡᠢ ᠡᠷᠭᠢᠯᠲᠡᠲᠦ ᠪᠣᠯᠭᠠᠬᠤ ᠂ ᠲᠠᠷᠢᠶᠠᠴᠢᠳ ᠲᠠᠢ ᠬᠤᠯᠪᠤᠭᠠᠯᠠᠨ ᠬᠠᠮᠲᠤᠪᠠᠷ ᠪᠠᠶᠠᠵᠢᠬᠤ ᠶᠢ ᠦᠷᠭᠦᠯᠵᠢᠯᠡᠨ ᠳᠠᠶᠢᠴᠢᠯᠠᠬᠤ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠪᠠᠯᠭᠠᠰᠤ ᠰᠢᠶᠠᠩ ᠵᠡᠭᠡᠯᠢ ᠶᠢᠨ ᠬᠢᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ ᠂ ᠵᠠᠳᠠᠯᠤᠨ ᠪᠦᠷᠢᠳᠬᠡᠬᠦ ᠂ ᠳᠡᠭᠡᠭᠰᠢᠯᠡᠭᠦᠯᠬᠦ ᠬᠢᠵᠠᠭᠠᠷᠯᠠᠬᠤ ᠲᠤᠰᠢᠶᠠᠬᠤ ᠨᠢᠭᠡᠳᠦᠯᠲᠡᠢ ᠪᠠᠶᠢᠯᠭᠠᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ ᠂ ᠬᠢᠵᠠᠭᠠᠷ ᠲᠣᠭᠲᠠᠭᠠᠨ ᠲᠥᠯᠥᠪᠵᠢᠭᠦᠯᠵᠦ᠂ ᠠᠵᠤ ᠠᠬᠤᠶᠢᠯᠠᠯ ᠳᠠᠷᠠᠭᠠᠯᠠᠨ ᠲᠦᠷᠦ ᠶᠢᠨ ᠪᠣᠳᠣᠯᠭ᠎ᠠ ᠎ ᠲᠠᠢ ᠬᠥᠴᠥᠯᠡᠨ ᠵᠣᠯᠭᠠᠭᠤᠯᠵᠤ᠂ ᠬᠡᠷᠡᠭᠯᠡᠭᠡᠨ ᠤ ᠬᠠᠯᠠᠮᠰᠢᠯ ᠴᠡᠭ ᠲᠠᠢ ᠤᠶᠠᠯᠳᠤᠭᠤᠯᠤᠨ᠂ ᠬᠡᠷᠡᠭᠯᠡᠭᠡ ᠶᠢ ᠠᠬᠢᠭᠤᠯᠬᠤ ᠨᠡᠩ ᠥᠨᠳᠥᠷ ᠶᠠᠰᠤ ᠴᠢᠨᠠᠷ ᠲᠠᠢ ᠠᠵᠢᠯᠯᠠᠭ᠎ᠠ ᠶᠢ ᠥᠷᠨᠢᠭᠦᠯᠵᠦ ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ ᠂ ᠪᠣᠳᠠᠲᠤ ᠪᠣᠳᠠᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠥᠷᠭᠡᠳᠬᠡᠨ᠂ ᠰᠠᠶᠢᠨ ᠡᠬᠢᠯᠡᠯᠲᠡ ᠲᠠᠢ ᠂ ᠯᠠᠪᠳᠠᠭᠤᠨ ᠲᠣᠭᠲᠠᠭᠤᠨ ᠂ ᠪᠦᠬᠦ ᠵᠢᠯ ᠳᠤ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠠᠴᠠ ᠦᠵᠡᠬᠦ ᠂ ᠤᠯᠤᠰ ᠲᠦᠷᠦ ᠶᠢᠨ ᠲᠠᠯ᠎ᠠ ᠠᠴᠠ ᠡᠷᠬᠢᠯᠡᠬᠦ ᠶᠢ ᠪᠠᠷᠢᠮᠲᠠᠯᠠᠵᠤ ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠂ ᠲᠤᠯᠭᠠᠮ᠎ᠠ ᠰᠡᠳᠬᠢᠯᠭᠡ ᠪᠠᠷ ᠲᠠᠪᠤᠨ ᠶᠡᠭᠡ ᠡᠭᠦᠷᠭᠡ ᠂ ︽ ᠲᠠᠪᠤᠨ ᠶᠡᠭᠡ ᠦᠨᠳᠦᠰᠦᠨ ᠵᠦᠢᠯ ︾᠎ ᠤᠨ ᠠᠵᠢᠯᠯᠠᠭ᠎ᠠ ᠳᠤ ᠬᠠᠨᠳᠤᠬᠤ ᠪᠠ ᠲᠡᠭᠦᠨ ᠢ ᠠᠬᠢᠭᠤᠯᠵᠤ ᠂ ᠡᠯ᠎ᠡ ᠵᠦᠢᠯ ᠤᠨ ᠠᠵᠢᠯᠯᠠᠭ᠎ᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ ᠂ ︽ ᠬᠤᠶᠠᠷ ᠬᠠᠯᠬᠠᠪᠴᠢ ︾ ᠂ ︽ ᠬᠤᠶᠠᠷ ᠰᠠᠭᠤᠷᠢᠨ ︾ ᠂ ︽ ᠨᠢᠭᠡ ᠪᠠᠬᠢᠯᠡᠯᠲᠡ ︾ ᠎ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1