ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/31
   
1_副本.jpg
       3 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠶ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠴᠢᠨ ᠶᠠᠨ ᠳ᠋ᠦᠩ᠂ ᠵᠢᠶᠤᠤ ᠴᠢᠩ ᠳ᠋ᠦᠩ᠂ ᠯᠢᠦ ᠱᠤᠸᠠᠩ᠂ ᠶᠢᠨ ᠮᠢᠩ᠂ ᠶᠢᠨ ᠲᠧᠩ ᠵᠢᠶᠤᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ ᠬᠤᠷᠠᠯ ᠳᠤ ᠣᠷᠣᠯᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠎ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭ᠎ᠠ ᠠᠳᠬᠤᠵᠤ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠵᠠᠢ᠃ ᠭᠡᠪᠡᠴᠦ ᠳᠤᠲᠠᠭᠤᠳᠠᠯ ᠤᠨ ᠠᠰᠠᠭᠤᠳᠠᠯ ᠢ ᠰᠡᠷᠭᠡᠭ ᠢᠶᠠᠷ ᠲᠠᠨᠢᠵᠤ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠰᠠᠬᠢᠵᠤ᠂ ᠯᠠᠪᠳᠠᠭᠤᠨ ᠤ ᠰᠠᠭᠤᠷᠢ ᠶᠢ ᠨᠡᠩ  ᠪᠠᠲᠤᠵᠢᠭᠤᠯᠤᠨ᠂ ᠤᠷᠤᠭᠰᠢᠯᠠᠯᠲᠠ ᠶᠢᠨ ᠠᠯᠬᠤᠮ ᠢ ᠨᠡᠩ ᠪᠠᠲᠤᠳᠬᠠᠵᠤ᠂ ᠰᠠᠶᠢᠨ ᠬᠠᠨᠳᠤᠰᠢ ᠶᠢ ᠨᠡᠩ ᠰᠠᠶᠢᠲᠤᠷ ᠦᠷᠭᠦᠯᠵᠢᠯᠡᠭᠦᠯᠵᠦ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠬᠠᠷᠢᠭᠤ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠶᠢᠬᠤ ᠪᠠᠷ ᠤᠭ ᠴᠢᠨᠠᠷ ᠢᠶᠠᠨ ᠪᠣᠯᠭᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠰᠥᠯ ᠎ ᠤᠨ ᠪᠥᠲᠥᠭᠡᠨ ᠪᠠᠶᠢᠭᠤᠯᠤᠯᠲᠠ ᠶᠢ ᠥᠢᠯᠡᠴᠢᠯᠡᠭᠡ ᠪᠠᠷ ᠪᠠᠲᠤᠯᠠᠬᠤ ᠪᠠᠷ ᠭᠤᠤᠯ ᠰᠢᠵᠢᠮ ᠪᠣᠯᠭᠠᠵᠤ᠂ ︽ ᠮᠥᠩᠬᠡ ᠰᠣᠪᠠᠭ · ᠲᠠᠨ ᠢ ᠬᠠᠪᠰᠤᠷᠤᠨ  ᠭᠥᠢᠴᠡᠳᠬᠡᠬᠦ︾᠎ ᠎ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠬᠢᠨᠠᠨ ᠵᠥᠪᠰᠢᠶᠡᠷᠡᠬᠦ ᠶᠢᠨ ᠲᠣᠭᠤᠷᠢᠨ ᠳᠤ ᠥᠭᠡᠷᠡᠴᠢᠯᠡᠯᠲᠡ ᠶᠢ ᠠᠳᠬᠤᠬᠤ᠂ ᠲᠥᠰᠥᠯ ᠤᠨ ᠰᠢᠯᠢᠳᠡᠭ ᠥᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠦᠷᠬᠡᠭᠵᠢᠭᠦᠯᠬᠦ ᠲᠥᠷᠥ ᠶᠢᠨ ᠪᠣᠳᠣᠯᠭ᠎ᠠ ᠳᠤ ᠰᠠᠭᠤᠷᠢᠯᠠᠬᠤ ᠵᠡᠷᠭᠡ ᠲᠠᠯ᠎ᠠ ᠪᠠᠷ ᠨᠢᠭᠡᠳᠦᠯᠲᠡᠶ ᠲᠥᠯᠥᠪᠯᠡᠨ ᠬᠦᠴᠦᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ ︽ᠵᠥᠭᠡᠯᠡᠨ ᠪᠣᠳᠠᠲᠤ ᠬᠦᠴᠦᠨ︾᠎ ᠢ ᠵᠣᠬᠢᠴᠠᠯᠳᠤᠭᠤᠯᠤᠨ ᠶᠤᠸᠠᠨ ᠪᠣᠥ ᠱᠠᠨ ᠎ ᠤ ᠴᠢᠨᠠᠷ ᠰᠠᠶᠢᠲᠠᠶ ᠬᠥᠭᠵᠢᠯᠲᠡ ᠶᠢᠨ ︽ᠬᠤᠷᠳᠤᠳᠬᠠᠯ︾᠎ ᠢ ᠬᠥᠲᠥᠯᠦᠨ ᠳᠠᠭᠠᠭᠤᠯᠬᠤ ᠬᠡᠷᠡᠭᠲᠡᠶ᠃ ᠡᠳ᠋ ᠬᠥᠷᠥᠩᠭᠡ ᠡᠬᠢ ᠪᠠᠶᠠᠯᠢᠭ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠪᠠ ᠬᠢᠨᠠᠨ ᠪᠤᠳᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠨᠡᠶᠢᠭᠡᠮ ᠤᠨ ᠪᠠᠲᠤᠯᠠᠪᠤᠷᠢ ᠶᠢᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠬᠡᠷᠡᠭᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠲᠥᠰᠥᠯ ᠢ ᠠᠬᠢᠭᠤᠯᠬᠤ ᠪᠠ ᠪᠡᠯᠡ ᠮᠥᠩᠭᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠵᠦ᠂ ᠲᠣᠭᠲᠠᠭᠠᠯ ᠠᠴᠠ ᠵᠥᠷᠢᠴᠡᠨ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠬᠡᠷᠡᠭᠯᠡᠬᠦ᠂ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠤᠯᠠᠨ ᠲᠦᠮᠡᠨ ᠤ ᠠᠰᠢᠭ ᠲᠤᠰᠠ ᠶᠢ  ᠥᠨᠡᠨ ᠬᠦ ᠬᠠᠮᠠᠭᠠᠯᠠᠬᠤ ᠬᠡᠷᠡᠭᠲᠡᠢ᠃ ᠤᠳᠤᠷᠢᠳᠤᠯᠭ᠎ᠠ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠤᠷᠮᠠᠰᠢᠭᠤᠯᠤᠨ ᠵᠣᠷᠢᠭᠵᠢᠭᠤᠯᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷᠴᠤᠳ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠲᠠᠢ ᠪᠣᠯᠬᠤ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃    ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠥᠨᠡᠨ ᠬᠦ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠵᠠᠯᠠᠷᠠᠭᠤᠯᠵᠤ᠂ ︽ᠲᠤᠯᠤᠭ᠎ᠠ ᠶᠢ ᠲᠠᠶᠠᠭᠳᠠᠬᠤ︾᠎ ᠶᠢ ᠡᠷᠡᠰ ᠪᠡᠶᠡᠯᠡᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠎ ᠤ ᠠᠰᠠᠭᠤᠳᠠᠯ ᠢ ᠥᠨᠡᠨ ᠬᠦ ᠰᠢᠢᠳᠪᠦᠷᠢᠯᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ ᠢ ᠬᠠᠷᠢᠯᠴᠠᠨ ᠨᠡᠪᠲᠡᠷᠡᠯᠴᠡᠭᠦᠯᠵᠦ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠪᠣᠯᠤᠨ ᠡᠰᠡᠷᠭᠦ ᠲᠠᠯ᠎ᠠ ᠠᠴᠠ ᠰᠡᠷᠡᠮᠵᠢᠯᠡᠭᠦᠯᠬᠦ ᠶᠢ ᠤᠶᠠᠯᠳᠤᠭᠤᠯᠵᠤ ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠭᠡᠶᠢᠯᠡᠯᠲᠡ ᠶᠢᠨ ᠬᠡᠷᠡᠮ ᠢ ᠪᠠᠲᠤ ᠪᠠᠬᠢ ᠴᠣᠭᠴᠠᠯᠠᠬᠤ ᠬᠡᠷᠡᠭᠲᠡᠶ᠃ ᠴᠢᠩᠭ᠎ᠠ ᠬᠠᠮᠢᠶᠠᠷᠬᠤ ᠪᠣᠯᠤᠨ ᠬᠠᠶᠢᠷ᠎ᠠ ᠬᠠᠯᠠᠮᠵᠢ ᠶᠢ ᠤᠶᠠᠯᠳᠤᠭᠤᠯᠬᠤ᠂ ᠤᠷᠮᠠᠰᠢᠭᠤᠯᠬᠤ ᠪᠣᠯᠤᠨ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ︽ᠢᠳᠡᠪᠬᠢ ᠬᠦᠴᠦᠨ︾ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ ᠃    ᠬᠤᠷᠠᠯ ᠳᠡᠭᠡᠷ᠎ᠡ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠪᠠ᠃    
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1