ᠨᠠᠮ ᠤᠨ ᠲᠥᠪ ᠬᠤᠷᠢᠶ᠎ᠠ ᠶᠢᠨ ᠤᠯᠤᠰ ᠲᠦᠷᠦ  ᠶᠢᠨ ᠲᠣᠪᠴᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/31
ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠵᠤ ︽ᠤᠳᠤᠷᠢᠳᠬᠤ ᠺᠠᠳ᠋ᠷ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ ︾ ᠎ ᠢ ᠬᠢᠨᠠᠨ ᠵᠥᠪᠯᠡᠪᠡᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠎ ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠎ ᠶᠢᠨ ᠤᠯᠤᠰ ᠲᠦᠷᠦ ᠶᠢᠨ ᠲᠣᠪᠴᠢᠶ᠎ᠠ 3 ᠰᠠᠷ᠎ᠠ ᠶᠢᠨ 30 ᠎ ᠤ ᠡᠳᠦᠷ ᠬᠤᠷᠠᠯ ᠬᠤᠷᠠᠯᠳᠤᠭᠤᠯᠵᠤ ᠂ ᠡᠨᠡ ᠵᠢᠯ ᠤᠨ 4 ᠰᠠᠷ᠎ᠠ ᠠᠴᠠ ᠡᠬᠢᠯᠡᠨ ᠂ ᠪᠦᠭᠦ ᠨᠠᠮ ᠤᠨ ᠳᠣᠲᠣᠷ᠎ᠠ ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠭᠲᠠᠪᠠ ᠃ ᠬᠤᠷᠠᠯ ᠠᠴᠠ ︽ᠤᠳᠤᠷᠢᠳᠬᠤ ᠺᠠᠳ᠋ᠷ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ ︾ ᠎ ᠢ ᠬᠢᠨᠠᠨ ᠵᠥᠪᠯᠡᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ ᠃      ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ ᠂ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ ᠂ ᠪᠦᠭᠦ ᠨᠠᠮ ᠤᠨ ᠳᠣᠲᠣᠷ᠎ᠠ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠨᠠᠮ ᠤᠨ ᠰᠢᠨ᠎ᠡ ᠶᠢ ᠡᠭᠦᠳᠭᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ ᠂ ᠵᠣᠷᠢᠯᠲᠠ ᠪᠠᠨ ᠨᠢᠭᠡᠳᠬᠡᠵᠦ ᠂ ᠦᠢᠯᠡ ᠠᠵᠢᠯᠯᠠᠭ᠎ᠠ ᠪᠠᠨ ᠨᠢᠭᠡᠳᠬᠡᠵᠦ ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠂ ︽ᠭᠤᠷᠪᠠᠨ ᠡᠷᠬᠡᠪᠰᠢ ︾ ᠎ ᠶᠢ ᠪᠠᠲᠤ ᠴᠡᠭᠡᠵᠢᠯᠡᠵᠦ ᠂ ᠪᠦᠭᠦ ᠨᠠᠮ ᠢᠶᠠᠷ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠤᠨ  ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠪᠦᠭᠦ ᠨᠠᠮ ᠤᠨ ᠨᠥᠬᠦᠳ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠪᠠᠷ ᠪᠦᠯᠬᠦᠮᠳᠡᠨ ᠲᠡᠮᠡᠴᠡᠭᠦᠯᠬᠦ ᠶᠢᠨ ᠲᠥᠯᠥᠭᠡ ᠪᠠᠶᠢᠷᠢᠯᠠᠭᠤᠯᠤᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ ︾ ᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠤᠬᠠᠮᠰᠠᠷ ᠠᠴᠠ ᠪᠠᠨ ᠭᠦᠨᠵᠡᠭᠡᠢ ᠣᠶᠢᠯᠠᠭᠠᠬᠤ ᠶᠢ ᠠᠬᠢᠭᠤᠯᠵᠤ ᠂ ︽ᠳᠥᠷᠪᠡᠨ ᠤᠬᠠᠮᠰᠠᠷ ︾ ᠎ ᠢ ᠴᠢᠩᠭᠠᠳᠬᠠᠵᠤ ᠂ ︽ᠳᠥᠷᠪᠡᠨ ᠢᠲᠡᠭᠡᠯ ︾ ᠎ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠎ ᠶᠢ  ᠪᠡᠶᠡᠯᠡᠭᠦᠯᠵᠦ  ᠂  ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ  ᠨᠢᠭᠡᠳᠦᠯᠲᠡᠢ ᠪᠠᠶᠢᠬᠤ ᠭᠡᠷᠡᠭᠲᠡᠶ ︔ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ ᠂ ᠪᠦᠭᠦ ᠲᠠᠯ᠎ᠠ ᠪᠠᠷ ᠡᠵᠡᠮᠳᠡᠵᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠡᠷᠡᠭᠲᠡᠢ ︔ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ ᠂ ᠢᠮᠠᠭᠲᠠ ᠠᠷᠠᠳ ᠲᠦᠮᠡᠨ ᠲᠠᠢ ᠰᠡᠳᠬᠢᠯ ᠨᠢᠭᠡᠳᠴᠦ ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠵᠤ ᠂ ᠪᠦᠭᠦ ᠨᠠᠮ ᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠭᠤᠯᠤᠨ ᠪᠦᠯᠬᠦᠮᠳᠡᠭᠦᠯᠵᠦ ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠬᠦᠴᠦᠨ ᠪᠦᠬᠦᠢ ᠤᠯᠤᠰ ᠲᠦᠷᠦ ᠶᠢᠨ ᠵᠢᠯᠣᠭᠤᠳᠤᠮᠵᠢ ᠪᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠡᠷᠦᠩᠬᠡᠢ ᠱᠠᠭᠠᠷᠳᠠᠯᠭ᠎ᠠ ᠪᠣᠯ ︽ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠠᠪᠤᠳᠠᠯ ᠪᠣᠯᠣᠨ᠎ᠠ ᠂ ᠦᠨᠳᠦᠰᠦᠨ ᠡᠭᠦᠷᠭᠡ ᠪᠣᠯ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ ᠢᠶᠠᠨ ᠪᠠᠲᠤᠳᠬᠠᠬᠤ ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ ᠂ ᠪᠦᠭᠦ ᠨᠠᠮ ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ ᠂ ᠡᠷᠡᠰ ᠪᠠᠲᠤ ᠵᠣᠷᠢᠯᠲᠠ ᠂ ᠵᠣᠬᠢᠴᠠᠩᠭᠤᠢ ᠠᠵᠢᠯᠯᠠᠭ᠎ᠠ ᠂ ᠬᠦᠴᠦᠷᠬᠡᠭ ᠶᠡᠭᠡ ᠲᠠᠶᠢᠴᠢᠨ ᠬᠦᠴᠦᠨ ᠲᠠᠢ ᠪᠠᠶᠢᠯᠭᠠᠵᠤ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠪᠣᠯᠣᠨ᠎ᠠ ᠃ ᠨᠢᠭᠡ ᠰᠡᠳᠬᠢᠯ ᠢᠶᠠᠷ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ ᠂ ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ ᠦᠨᠡᠨᠴᠢ ᠰᠢᠳᠤᠷᠭᠤ ᠪᠠᠶᠢᠬᠤ ᠶᠢ ᠴᠢᠩᠭᠠᠳᠬᠠᠬᠤ ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶᠢ ᠠᠬᠢᠭᠤᠯᠬᠤ ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠪᠤᠶᠠᠨ ᠦᠶᠯᠡᠳᠭᠦ ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠵᠦ ᠰᠢᠨ᠎ᠡ ᠰᠤᠷᠲᠠᠯ ᠢ ᠪᠤᠶ ᠪᠤᠯᠭᠠᠬᠤ ᠬᠠᠷᠠᠯᠲᠠ ᠳᠤ ᠬᠦᠷᠴᠦ ᠂ ᠣᠨᠣᠯ ᠤᠨ ᠰᠤᠷᠤᠯᠴᠠᠯᠭ᠎ᠠ ᠂ ᠤᠯᠤᠰ ᠲᠥᠷᠥ ᠶᠢᠨ ᠬᠡᠪ ᠪᠣᠯᠪᠠᠰᠤᠷᠠᠯ ᠂ ᠴᠢᠳᠠᠪᠤᠷᠢ ᠡᠷᠳᠡᠮ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠂ ᠠᠵᠢᠯ ᠤᠨ ᠰᠤᠷᠲᠠᠯ ᠂ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠵᠡᠷᠭᠡ 6 ᠲᠠᠯ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠭᠤᠣᠯ ᠰᠡᠳᠦᠪᠲᠦ ᠬᠥᠮᠦᠵᠢᠯ ᠢ ᠱᠠᠲᠤ ᠬᠤᠪᠢᠶᠠᠬᠤ ᠦᠭᠡᠢ ᠂ ᠭᠤᠭᠴᠤᠭ᠎ᠠ ᠬᠤᠪᠢᠶᠠᠬᠤ ᠦᠭᠡᠢ ᠪᠠᠶᠢᠵᠤ ᠂ ᠤᠨᠤᠯ ᠤᠨ ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠂ ᠬᠥᠭᠵᠢᠯᠲᠡ ᠶᠢ ᠠᠬᠢᠭᠤᠯᠬᠤ ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠪᠲᠠᠷᠡᠭᠦᠯᠵᠦ ᠂ ᠣᠷᠭᠠᠨᠢᠭ ᠢᠶᠠᠷ ᠠᠭᠤᠰᠤᠯᠴᠠᠭᠤᠯᠵᠤ ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠡᠵᠡᠮᠰᠢᠨ ᠬᠡᠷᠡᠭᠯᠡᠬᠦ ᠶᠢ ᠴᠢᠩᠭᠠᠳᠬᠠᠵᠤ ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠰᠠᠶᠢᠲᠤᠷ ᠠᠳᠬᠤᠵᠤ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠂ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ ᠂ ᠡᠴᠦᠰ ᠲᠡᠭᠡᠨ ᠤᠯᠠᠨ ᠲᠦᠮᠡᠨ ᠤ ᠬᠠᠨᠤᠮᠵᠢᠲᠠᠢ ᠪᠠᠶᠢᠬᠤ ᠡᠰᠡᠬᠦ ᠪᠠᠷ ᠦᠨᠳᠦᠰᠦᠨ ᠦᠨᠡᠯᠡᠯᠲᠡ ᠶᠢᠨ ᠪᠠᠷᠢᠮᠵᠢᠶ᠎ᠠ ᠪᠤᠯᠭᠠᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ ᠂ ︽ᠬᠤᠶᠠᠷ ᠨᠢᠭᠤᠷᠳᠠᠨ ︾ ᠎ ᠤ ᠶᠠᠪᠤᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠢ ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ ᠂ ᠬᠡᠯᠪᠡᠷᠢᠴᠢ ᠦᠵᠡᠯ ᠢ ᠡᠷᠡᠰ ᠡᠰᠡᠷᠭᠦᠴᠡᠨ ᠰᠡᠷᠭᠡᠶᠢᠯᠡᠵᠦ ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠣᠭᠲᠠᠭᠠᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠨ ᠲᠤᠭᠤᠰᠢᠯᠠᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠵᠦ ᠂ ᠪᠠᠶᠢᠩᠭᠤ ᠎ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃      ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠢ ᠴᠢᠩᠭ᠎ᠠ ᠬᠡᠷᠡᠭᠵᠢᠭᠦᠯᠬᠦ ᠶᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠬᠤ ᠂ ᠺᠠᠳ᠋ᠷ ᠢ ᠴᠢᠩᠭ᠎ᠠ ᠬᠠᠮᠢᠶᠠᠷᠤᠨ ᠬᠢᠨᠠᠯᠲᠠ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ ᠂ ᠨᠠᠮ ᠢ ᠬᠠᠮᠢᠶᠠᠷᠬᠤ ᠳᠠᠷᠤᠭ᠎ᠠ ᠨᠣᠶᠠᠳ ᠢ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠬᠦᠴᠦᠲᠡᠢ ᠠᠬᠢᠭᠤᠯᠪᠠ ᠃ ︽ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ ︾ ᠎ ᠳᠤ ᠵᠠᠰᠠᠪᠤᠷᠢ ᠣᠷᠣᠭᠤᠯᠤᠭᠰᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠢ ᠪᠦᠷᠢᠨᠰᠢᠭᠦᠯᠦᠨ ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠵᠦ ᠂ ᠤᠳᠤᠷᠢᠳᠬᠤ ᠺᠠᠳ᠋ᠷ ᠤᠨ ᠬᠠᠮᠢᠶᠠᠷᠤᠯᠲᠠ ᠪᠠ ᠬᠢᠨᠠᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠪᠣᠯ ᠵᠢᠭᠠᠪᠤᠷᠢ ᠠᠪᠴᠤ ᠮᠡᠳᠡᠭᠦᠯᠭᠦ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠵᠣᠬᠢᠶᠠᠨ ᠪᠠᠶᠢᠭᠤᠯᠤᠯᠲᠠ ᠳᠤ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠦᠨᠡᠨ ᠮᠥᠨ ᠢᠶᠠᠷ ᠨᠢ ᠮᠡᠳᠡᠭᠦᠯᠭᠦ ᠪᠣᠯ ᠤᠳᠤᠷᠢᠳᠬᠤ ᠺᠠᠳ᠋ᠷ ᠤᠨ ᠡᠷᠬᠡᠪᠰᠢ ᠵᠢᠷᠤᠮᠯᠠᠬᠤ ᠤᠯᠤᠰ ᠲᠦᠷᠦ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠮᠥᠨ ᠃ ᠤᠳᠤᠷᠢᠳᠬᠤ ᠺᠠᠳ᠋ᠷ ︽ᠬᠤᠶᠠᠷ ᠢ ᠲᠣᠭᠲᠠᠭᠠᠭᠰᠠᠨ ︾ ᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠲᠦᠷᠪᠡᠨ ᠤᠬᠠᠮᠰᠠᠷ ︾ ᠎ ᠢᠶᠠᠨ ᠴᠢᠩᠭᠠᠳᠬᠠᠵᠤ ᠂ ︽ᠲᠦᠷᠪᠡᠨ ᠢᠲᠡᠭᠡᠯ ︾ ᠎ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠎ ᠶᠢ ᠪᠡᠶᠡᠯᠡᠭᠦᠯᠵᠦ ᠂ ᠨᠠᠮ ᠳᠠᠭᠠᠨ ᠦᠨᠡᠨᠴᠢ ᠰᠢᠳᠤᠷᠭᠤ ᠂ ᠲᠥᠪ ᠴᠢᠬᠡᠴᠢ ᠪᠠᠶᠢᠵᠤ ᠂ ᠦᠨᠡᠨ ᠦᠭᠡ ᠬᠡᠯᠡᠵᠦ ᠂ ᠪᠣᠳᠠᠲᠠᠢ ᠠᠵᠢᠯ ᠬᠢᠵᠦ ᠂ ᠰᠢᠳᠤᠷᠭᠤ ᠬᠥᠮᠥᠨ ᠪᠣᠯᠵᠤ ᠂ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠦᠨᠡᠨ ᠮᠥᠨ ᠢᠶᠠᠷ ᠨᠢ ᠮᠡᠳᠡᠭᠦᠯᠵᠦ ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠃ ᠳᠡᠭᠡᠳᠦ ᠵᠡᠷᠭᠡ ᠶᠢᠨ ᠺᠠᠳ᠋ᠷ ᠨᠠᠷ ᠲᠦᠷᠦᠭᠦᠯᠡᠨ ᠬᠡᠷᠡᠭᠵᠢᠭᠦᠯᠵᠦ ᠂ ᠵᠢᠱᠢᠶᠡᠴᠢ ᠪᠠᠷ ᠵᠢᠷᠤᠮᠯᠠᠨ ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠴᠢᠩᠭ᠎ᠠ ᠭᠦᠭ ᠠᠶᠠᠰ ᠂ ᠴᠢᠩᠭ᠎ᠠ ᠠᠷᠭ᠎ᠠ ᠬᠡᠮᠵᠢᠶ᠎ᠡ ᠂ ᠴᠢᠩᠭ᠎ᠠ ᠠᠭᠤᠷ ᠠᠮᠢᠰᠬᠤᠯ ᠢᠶᠠᠷ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ ᠂ ᠮᠡᠳᠡᠭᠦᠯᠭᠦ ᠰᠠᠬᠢᠯᠭ᠎ᠠ ᠪᠠᠲᠤ ᠶᠢ ᠴᠢᠩᠳᠠᠯᠠᠵᠤ ᠂ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠬᠤ ᠶᠢ ᠴᠢᠩᠭᠠᠳᠬᠠᠵᠤ ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠡᠷᠡᠰ ᠬᠠᠮᠠᠭᠠᠯᠠᠵᠤ ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤᠮᠳᠠ ᠨᠡᠩ ᠶᠡᠭᠡ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1