ᠰᠢ ᠶᠢᠨ ᠫᠢᠩ ᠬᠠᠲᠤᠨ ᠲᠠᠢ ᠪᠠᠨ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/7
    2 ᠰᠠᠷ᠎ᠠ ᠶᠢᠨ 24᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠤᠨ ᠶᠠᠩ ᠶᠤᠸᠠᠨ ᠵᠠᠢ ᠳᠤ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ ᠳᠣᠲᠣᠨᠣ ᠪᠠᠷ ᠠᠭᠤᠯᠵᠠᠪᠠ᠃
1_副本.jpg
       2 ᠰᠠᠷ᠎ᠠ ᠶᠢᠨ 24᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠤᠨ ᠶᠠᠩ ᠶᠤᠸᠠᠨ ᠵᠠᠢ ᠳᠤ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ ᠳᠣᠲᠣᠨᠣ ᠪᠠᠷ ᠠᠭᠤᠯᠵᠠᠪᠠ᠃    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠶᠢᠨ ᠪᠡᠭᠡᠵᠢᠩ ᠳᠤ ᠪᠡᠶ᠎ᠡ ᠪᠠᠨ ᠪᠠᠶᠢᠴᠠᠭᠠᠯᠭᠠᠵᠤ ᠰᠤᠪᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠪᠠ᠃ ᠰᠢ ᠶᠢᠨ ᠫᠢᠩ᠂ ᠳᠤᠮᠳᠠᠳᠤ ᠺᠠᠮᠪᠤᠵᠠ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠺᠠᠮᠪᠤᠵᠠ ᠶᠢᠨ ᠨᠥᠬᠦᠷᠯᠡᠯ ᠶᠠᠪᠤᠬᠤ ᠲᠤᠳᠤᠮ ᠪᠠᠬᠢᠵᠢᠵᠦ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ ᠨᠢᠭᠡᠨᠲᠡ ᠤᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠪᠣᠯᠵᠠᠢ᠃ ᠤᠰᠤ ᠶᠢ ᠨᠢ ᠤᠤᠭᠤᠪᠠᠯ ᠡᠬᠢ ᠶᠢ ᠨᠢ ᠪᠤᠳᠤ ᠭᠡᠳᠡᠭ᠂ ᠡᠨᠡ ᠨᠢ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠣᠯᠣᠨ ᠡᠴᠢᠭᠡ ᠬᠠᠭᠠᠨ ᠤ ᠪᠠᠶᠢᠭᠤᠯᠤᠨ ᠪᠤᠶᠢᠵᠢᠭᠤᠯᠤᠭᠰᠠᠨ ᠭᠦᠨ ᠵᠤᠵᠠᠭᠠᠨ ᠨᠥᠬᠦᠷᠯᠡᠯ ᠤᠨ ᠠᠴᠢ ᠶᠤᠮ᠃ ᠤᠯᠤᠰ ᠤᠨ ᠸᠠᠩ ᠪᠣᠯᠣᠨ ᠸᠠᠩ ᠤᠨ ᠡᠬᠡ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠦᠭᠴᠢ᠂ ᠭᠡᠷᠡᠴᠢᠯᠡᠭᠴᠢ ᠮᠥᠨ᠂ ᠢᠮᠠᠭᠲᠠ ᠳᠤᠮᠳᠠᠳᠤ ᠤᠯᠤᠰ ᠤᠨ ᠬᠥᠭᠵᠢᠯᠲᠡ ᠶᠢ ᠬᠠᠯᠠᠮᠵᠢᠯᠠᠭᠰᠠᠭᠠᠷ ᠢᠷᠡᠪᠡ᠂ ᠲᠠᠨᠠᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠨᠠᠶᠢᠵᠠ ᠮᠥᠨ᠃ 2020 ᠣᠨ ᠳᠤ ᠪᠢ ᠸᠠᠩ ᠤᠨ ᠡᠬᠡ ᠳᠤ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠭᠰᠠᠨ ᠨᠢ ᠸᠠᠩ ᠤᠨ ᠡᠬᠡ ᠳᠤᠮᠳᠠᠳᠤ ᠺᠠᠮᠪᠤᠵᠠ ᠶᠢᠨ ᠨᠥᠬᠦᠷᠯᠡᠯ ᠤᠨ ᠦᠢᠯᠡᠰ ᠲᠤ ᠦᠵᠡᠭᠦᠯᠦᠭᠰᠡᠨ ᠣᠨᠴᠠᠭᠠᠶ ᠬᠤᠪᠢ ᠨᠡᠮᠡᠷᠢ ᠳᠤ ᠲᠠᠯᠠᠷᠬᠠᠬᠤ ᠶᠢᠨ ᠲᠥᠯᠥᠭᠡ ᠶᠤᠮ᠃ ᠪᠢᠳᠡ ᠳᠤᠮᠳᠠᠳᠤ ᠺᠠᠮᠪᠤᠵᠠ ᠶᠢᠨ ᠨᠥᠬᠦᠷᠯᠡᠯ ᠤᠨ ᠪᠤᠤᠬᠢᠶ᠎ᠠ ᠶᠢ ᠲᠤᠰᠴᠤ᠂ ᠳᠤᠮᠳᠠᠳᠤ ᠺᠠᠮᠪᠤᠵᠠ ᠬᠠᠳᠠᠨ ᠪᠠᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠶᠢᠨ ᠬᠢᠨ ᠲᠠᠢ ︽ᠠᠯᠮᠠᠰ ᠴᠢᠯᠠᠭᠤ ᠵᠢᠷᠭᠤᠭᠠᠨ ᠲᠠᠯ᠎ᠠ︾᠎ ᠶᠢᠨ ᠬᠠᠮᠲᠤᠷᠠᠯᠴᠠᠭᠠᠨ ᠤ ᠪᠦᠲᠦᠴᠡ ᠶᠢ ᠴᠢᠷᠮᠠᠶᠢᠨ ᠪᠠᠶᠢᠭᠤᠯᠵᠤ᠂ ᠺᠠᠮᠪᠤᠵᠠ ᠶᠢᠨ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠵᠢᠭᠠᠰᠤ ᠠᠮᠤ ᠶᠢᠨ ᠬᠤᠩᠭᠢᠯ︾᠎ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠤᠨ᠎ᠠ᠃ ᠺᠠᠮᠪᠤᠵᠠ ᠶᠢᠨ ︽ᠤᠯᠤᠰ ᠤᠨ ᠸᠠᠩ ᠤᠨ ᠠᠵᠢᠯᠯᠠᠬᠤ ᠠᠩᠭᠢ︾᠎ ᠶᠢᠨ ᠠᠵᠢᠯ ᠢᠶᠠᠨ ᠥᠷᠨᠢᠭᠦᠯᠬᠦ ᠶᠢ ᠳᠤᠮᠳᠠᠳᠤ ᠤᠯᠤᠰ ᠦᠷᠭᠦᠯᠵᠢᠯᠡᠨ ᠳᠡᠮᠵᠢᠵᠦ᠂ ᠺᠠᠮᠪᠤᠵᠠ ᠶᠢᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃    ᠰᠢᠬᠠᠮᠦᠨᠢ ᠪᠣᠯᠣᠨ ᠮᠤᠨᠢᠯᠢᠶᠧ᠂ ᠲᠡᠷᠢᠭᠦᠯᠡᠭᠴᠢ ᠰᠢ ᠶᠢᠨ ᠫᠢᠩ ᠪᠣᠯᠣᠨ ᠫᠧᠩ ᠯᠢ ᠶᠤᠸᠠᠨ ᠫᠷᠤᠹᠧᠰᠰᠤᠷ ᠪᠢᠳᠡᠨ ᠤ ᠳᠤᠮᠳᠠᠳᠤ ᠤᠯᠤᠰ ᠲᠤ ᠪᠡᠶ᠎ᠡ ᠪᠠᠨ ᠪᠠᠶᠢᠴᠠᠭᠠᠯᠭᠠᠵᠤ ᠰᠤᠪᠢᠯᠠᠬᠤ ᠳᠤ ᠨᠠᠷᠢᠨ ᠲᠣᠬᠢᠷᠠᠭᠤᠯᠤᠯᠲᠠ ᠬᠢᠵᠦ ᠨᠢᠮᠪᠠᠢ ᠬᠠᠷᠠᠭᠠᠯᠵᠠᠯ ᠦᠵᠡᠭᠦᠯᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠠᠴᠠ ᠺᠠᠮᠪᠤᠵᠠ ᠳᠤ ᠬᠠᠷᠠᠮ ᠦᠭᠡᠢ ᠬᠠᠪᠰᠤᠷᠤᠯᠭ᠎ᠠ ᠪᠠ ᠳᠡᠮᠵᠢᠯᠭᠡ ᠦᠵᠡᠭᠦᠯᠦᠭᠰᠡᠭᠡᠷ ᠢᠷᠡᠵᠠᠢ᠂ ᠺᠠᠮᠪᠤᠵᠠ ᠶᠢᠨ ᠬᠢᠨ ᠭᠦᠨ ᠲᠠᠯᠠᠷᠬᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ ᠬᠥᠭᠵᠢᠯᠲᠡ ᠶᠢ ᠢᠮᠠᠭᠲᠠ ᠨᠢᠭᠲᠠ ᠠᠩᠬᠠᠷᠴᠤ᠂ ᠳᠤᠮᠳᠠᠳᠤ ᠤᠯᠤᠰ ᠤᠨ ᠣᠯᠣᠭᠰᠠᠨ ᠠᠮᠵᠢᠯᠲᠠ ᠪᠦᠲᠦᠮᠵᠢ ᠳᠤ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠺᠠᠮᠪᠤᠵᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠺᠠᠮᠪᠤᠵᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠡᠯ᠎ᠡ ᠬᠦᠷᠢᠶᠡᠨ ᠤ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠺᠠᠮᠪᠤᠵᠠ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠨ᠎ᠠ ᠭᠡᠵᠦ ᠢᠯᠡᠳᠬᠡᠪᠡ᠃    ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1