ᠨᠢᠭᠡ ᠂ ᠨᠤᠤᠷᠠᠭ ᠤᠨ ᠠᠯᠪᠠᠨ ᠵᠠᠷ ᠤᠨ ᠲᠣᠶᠢᠮᠤ | ᠬᠤᠩᠱᠠᠨ ᠵᠠᠮ ᠠᠴᠠ ᠵᠡᠭᠦᠨᠰᠢ ︵ ᠴᠧᠨ ᠣᠪᠣᠭᠲᠤ ᠶᠢᠨ ᠶᠠᠰᠤᠨ ᠤ ᠰᠠᠯᠠᠭᠠᠨ ᠤ ᠡᠮᠨᠡᠯᠭᠡ ᠠᠴᠠ ᠵᠡᠭᠦᠨᠰᠢ ︶ ᠂ | ᠳᠤᠲᠤᠭᠠᠳᠤ ᠲᠣᠭᠤᠷᠢᠯ ᠵᠠᠮ ᠤᠨ ᠬᠤᠶᠢᠲᠤ ᠵᠠᠮ ᠠᠴᠠ ᠡᠮᠦᠨᠡᠰᠢᠬᠢ ᠭᠠᠵᠠᠷ ᠲᠤ ᠨᠢᠭᠡ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ ᠃ 53 ᠮᠦ ᠭᠠᠵᠠᠷ ᠡᠵᠡᠯᠡᠵᠦ᠂ | 14982 ᠲᠡᠭᠰᠢ ᠳᠥᠷᠪᠡᠯᠵᠢᠨ ᠮᠧᠲᠷ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠶᠢ ᠲᠥᠯᠥᠪᠵᠢᠭᠦᠯᠵᠦ᠂ 24 | ᠵᠢᠭᠠᠨ ᠰᠤᠷᠭᠠᠯᠲᠠ ᠶᠢᠨ ᠠᠩᠭᠢ ᠶᠢ ᠲᠥᠯᠥᠪᠵᠢᠭᠦᠯᠦᠨ ᠪᠠᠶᠢᠭᠤᠯᠵᠤ᠂ 1200 ᠰᠣᠷᠣᠭᠴᠢ ᠶᠢ ᠪᠠᠭᠲᠠᠭᠠᠵᠤ | ᠳᠡᠶᠢᠯᠦᠨ᠎ᠡ ᠃ ᠪᠠᠷᠢᠯᠭ᠎ᠠ ᠶᠢᠨ ᠠᠭᠤᠯᠭ᠎ᠠ ᠳᠤ ᠲᠠᠪᠤᠨ ᠳᠠᠪᠬᠤᠷ ᠵᠢᠭᠠᠨ ᠰᠤᠷᠭᠠᠯᠲᠠ ᠶᠢᠨ ᠠᠰᠠᠷ ᠵᠢᠴᠢ ᠲᠡᠭᠦᠨ ᠤ | ᠳᠠᠭᠠᠯᠲᠠ ᠢᠵᠢ ᠪᠦᠷᠢᠳᠦᠭᠰᠡᠨ ᠪᠠᠷᠢᠯᠭ᠎ᠠ ᠪᠠᠭᠲᠠᠨ᠎ᠠ᠃ ᠲᠥᠷᠥᠯ ᠵᠦᠢᠯ ᠳᠤ 7930 ᠲᠦᠮᠡᠨ ᠲᠥᠭᠦᠷᠢᠭ ︵ | ᠪᠡᠯᠡᠳᠬᠡᠮᠵᠢ ᠲᠥᠬᠦᠭᠡᠷᠦᠮᠵᠢ ᠪᠠᠭᠲᠠᠨ᠎ᠠ︶ ᠤᠨ ᠪᠡᠯᠡ ᠣᠷᠣᠭᠤᠯᠬᠤ ᠪᠠᠷ ᠲᠥᠯᠥᠪᠵᠢᠭᠦᠯᠪᠡ᠃ | ᠬᠤᠶᠠᠷ ᠂ ᠦᠨᠳᠦᠰᠦᠯᠡᠯ | ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ | ᠬᠡᠷᠡᠭᠵᠢᠭᠦᠯᠬᠦ ᠳᠦᠷᠢᠮ︾ ︵ᠲᠥᠷᠥ ᠶᠢᠨ ᠵᠠᠷᠯᠢᠭ 713 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠤᠨ ᠲᠣᠭᠲᠠᠭᠠᠯ︾ ︵ᠥᠪᠥᠷ ᠵᠠᠰᠠᠭ ᠵᠠᠷᠯᠢᠭ 248 ᠳ᠋ᠤᠭᠠᠷ ᠲᠣᠭᠠᠲᠤ︶᠂ ︽ᠤᠯᠠᠭᠠᠨᠬᠠᠳᠠ | ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ | ᠲᠣᠭᠲᠠᠭᠠᠯ ︾ ᠂ ︵ ᠤᠯᠠᠭᠠᠨᠬᠠᠳᠠ ᠵᠠᠰᠠᠭ ᠲᠠᠷᠬᠠᠭᠠᠭᠰᠠᠨ ﹇2021﹈ 12 ᠳ᠋ᠤᠭᠠᠷ ᠲᠣᠭᠠᠲᠤ︶ ᠂ ︽ᠶᠤᠸᠠᠨ | ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠦᠪᠵᠢᠭᠦᠯᠭᠡ ᠶᠢᠨ ᠬᠥᠲᠥᠯᠪᠦᠷᠢ︾ ᠵᠡᠷᠭᠡ ᠬᠠᠤᠯᠢ ᠲᠣᠭᠲᠠᠭᠠᠯ᠂ ᠳᠦᠷᠢᠮ ᠲᠣᠭᠲᠠᠭᠠᠯ | ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠥᠨᠳᠥᠰᠥᠯᠡᠨ᠂ ᠡᠳᠦᠭᠡ ᠨᠤᠤᠷᠠᠭ ᠢ | ᠵᠠᠷᠯᠠᠨ ᠨᠡᠶᠢᠲᠡᠯᠡᠶ᠎ᠡ ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ | ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ ᠃ ᠬᠠᠷᠢᠭᠤ ᠲᠤᠰᠬᠠᠬᠤ ᠦᠶ᠎ᠡ ᠳᠤ ᠲᠠᠨ ᠤ ᠨᠡᠷ᠎ᠡ ᠪᠣᠯᠣᠨ | ᠬᠠᠷᠢᠯᠴᠠᠬᠤ ᠤᠲᠠᠰᠤ ᠪᠠᠨ ᠦᠯᠡᠳᠡᠭᠡᠵᠦ᠂ ᠪᠢᠳᠡᠨ ᠤ ᠬᠠᠷᠢᠯᠴᠠᠬᠤ ᠳᠤ ᠳᠥᠭᠦᠮ ᠪᠣᠯᠭᠠᠬᠤ ᠶᠢ ᠬᠢᠴᠢᠶᠡᠩᠭᠦᠶᠢᠯᠡᠨ | ᠬᠦᠰᠡᠵᠦ ᠪᠠᠶᠢᠨ᠎ᠠ ᠃ | ᠢᠯᠡ ᠪᠠᠷ ᠰᠠᠨᠠᠯ ᠬᠤᠷᠢᠶᠠᠬᠤ ᠴᠠᠭ᠄ 2023 ᠣᠨ ᠤ 3 ᠰᠠᠷ᠎ᠠ ᠶᠢᠨ 7 ᠤ ᠡᠳᠦᠷ ︱ 4 ᠰᠠᠷ᠎ᠠ ᠶᠢᠨ 7 ᠤ | ᠡᠳᠦᠷ | ᠬᠠᠷᠢᠯᠴᠠᠬᠤ ᠬᠥᠮᠥᠨ᠄ ᠴᠧᠨ ᠪᠠᠭᠰᠢ | ᠬᠠᠷᠢᠯᠴᠠᠬᠤ ᠤᠳᠠᠰᠤ ᠄ 0476 ︱ 3515229 | ᠢᠮᠧᠯ᠄ xab3515229@163.com | |