3 ᠰᠠᠷ᠎ᠠ ᠶᠢᠨ 1 ᠤ ᠡᠳᠦᠷ ᠬᠡᠪᠯᠡᠭᠳᠡᠬᠦ 5 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠮᠡᠬᠡᠶᠢᠯᠡᠨ | ᠤᠷᠤᠭᠰᠢᠯᠠᠬᠤ ᠵᠠᠶᠢᠯᠠᠰᠢ ᠦᠭᠡᠢ ᠵᠠᠮ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠵᠠᠮ ᠮᠥᠨ᠃ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠳᠠᠭ ᠯᠠ ᠶᠤᠮ ᠪᠣᠯ ᠪᠢᠳᠠ ᠯᠠᠪᠲᠠᠢ ᠪᠦᠭᠦ ᠨᠠᠮ ᠪᠦᠭᠦ | ᠤᠯᠤᠰ ᠢᠶᠠᠷ ᠢᠶᠠᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ ᠲᠠᠢ᠂ | ᠬᠥᠭᠵᠢᠯᠲᠡ ᠶᠢᠨ ᠢᠲᠡᠭᠡᠯ ᠵᠣᠷᠢᠭ ᠲᠠᠢ ᠪᠠᠶᠢᠬᠤ ᠶᠢ ᠪᠠᠲᠤᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ᠂ | ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠵᠤ᠂ ᠰᠠᠯᠬᠢ ᠪᠣᠷᠣᠭᠠᠨ ᠤ | ᠳᠠᠭᠠᠷᠢᠯᠲᠠ ᠳᠤ ᠪᠦᠭᠦ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠶᠢ ᠪᠦᠷᠢᠯᠳᠦᠭᠦᠯᠵᠦ | ᠴᠢᠳᠠᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮ ᠮᠥᠨ᠃ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠳᠠᠭ ᠯᠠ ᠶᠤᠮ ᠪᠣᠯ ᠪᠢᠳᠡ ᠯᠠᠪᠲᠠᠢ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠮᠥᠷᠥᠭᠡᠳᠦᠯ ᠢ ᠲᠠᠰᠤᠷᠠᠯᠲᠠ ᠦᠭᠡᠢ ᠪᠡᠶᠡᠯᠡᠭᠦᠯᠵᠦ᠂ | ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | | ᠵᠣᠬᠢᠶᠠᠯ ᠳᠤ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠤᠭ᠎ᠠ | ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠵᠠᠮ ᠮᠥᠨ᠃ ᠨᠠᠮ ᠤᠨ ᠤᠳᠤᠷᠢᠳᠤᠯᠭ᠎ᠠ ᠳᠣᠣᠷ᠎ᠠ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠲᠦᠮᠡᠨ ᠤ ᠵᠣᠷᠢᠭ ᠢ ᠨᠢᠭᠡᠳᠬᠡᠵᠦ | ᠪᠣᠯᠣᠳ ᠬᠡᠷᠡᠮ ᠮᠡᠲᠦ ᠪᠣᠯᠵᠤ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠳᠡᠭ ᠯᠡ ᠶᠤᠮ ᠪᠣᠯ ᠪᠢᠳᠡ ᠯᠠᠪᠲᠠᠢ | ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ᠂ ᠬᠥᠮᠥᠰ ᠤᠨ | ᠠᠩᠬᠠᠷᠤᠯ ᠢ ᠲᠠᠲᠠᠭᠰᠠᠨ ᠰᠢᠨ᠎ᠡ ᠭᠠᠶᠢᠬᠠᠮᠰᠢᠭ ᠢ ᠦᠷᠭᠦᠯᠵᠢᠯᠡᠨ ᠡᠭᠦᠳᠴᠦ ᠴᠢᠳᠠᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠶᠢᠨ | ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮ ᠮᠥᠨ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠳᠡᠭ ᠯᠡ ᠶᠤᠮ | ᠪᠣᠯ ᠪᠢᠳᠠ ᠯᠠᠪᠲᠠᠢ ᠮᠠᠨ ᠤ ᠤᠯᠤᠰ ᠤᠨ ᠬᠥᠭᠵᠢᠯᠲᠡ ᠶᠢᠨ ᠥᠷᠢᠰᠦᠯᠳᠦᠬᠦ ᠬᠦᠴᠦᠨ ᠪᠣᠯᠣᠨ ᠦᠷᠭᠦᠯᠵᠢᠯᠡᠬᠦ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠤᠯᠠᠨ ᠤᠯᠤᠰ ᠤᠨ ᠥᠷᠢᠰᠦᠯᠳᠦᠭᠡᠨ ᠤ | ᠳᠤᠮᠳᠠ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠢᠷᠡᠭᠡᠳᠦᠢ ᠶᠢ ᠣᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ | ᠪᠠᠲᠤᠯᠠᠵᠤ᠂ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ᠃ ᠳᠤᠮᠳᠠᠳᠤ | ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠵᠠᠩᠭᠢᠯᠠᠭ᠎ᠠ ᠨᠢ ᠨᠠᠮ ᠢ ᠪᠦᠭᠦ | ᠲᠠᠯ᠎ᠠ ᠪᠠᠷ ᠴᠢᠩᠭ᠎ᠠ ᠵᠠᠰᠠᠬᠤ ᠳᠤ ᠪᠤᠢ᠃ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠨ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ | ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠤᠣᠷᠲᠠᠢ ᠡᠯᠧᠮᠧᠨ᠋ᠲ ᠢ ᠲᠠᠰᠤᠷᠠᠯᠲᠠ ᠦᠭᠡᠢ | ᠴᠡᠪᠡᠷᠯᠡᠨ ᠠᠷᠢᠯᠭᠠᠵᠤ᠂ ᠨᠠᠮ ᠤᠨ ᠡᠷᠡᠭᠦᠯ ᠴᠢᠭᠢᠷᠠᠭ ᠪᠡᠶ᠎ᠡ ᠴᠣᠭᠴᠠ ᠶᠢ ᠬᠤᠬᠢᠷᠠᠭᠤᠯᠬᠤ ᠠᠯᠢᠪᠠ ᠬᠤᠣᠷᠲᠠᠢ ᠡᠯᠧᠮᠧᠨ᠋ᠲ ᠢ | ᠲᠠᠰᠤᠷᠠᠯᠲᠠ ᠦᠭᠡᠢ ᠴᠡᠪᠡᠷᠯᠡᠨ ᠠᠷᠢᠯᠭᠠᠳᠠᠭ ᠯᠠ ᠶᠤᠮ ᠪᠣᠯ ᠪᠢᠳᠡ ᠯᠠᠪᠲᠠᠢ ᠨᠠᠮ ᠤᠨ ᠴᠢᠨᠠᠷ ᠬᠤᠪᠢᠷᠠᠬᠤ ᠦᠭᠡᠢ᠂ ᠢᠷᠠᠭᠤ | ᠠᠯᠳᠠᠷᠲᠤ ᠤᠯᠠᠮᠵᠢᠯᠠᠯ ᠬᠤᠪᠢᠷᠠᠬᠤ ᠦᠭᠡᠢ᠂ ᠰᠢᠯᠢᠳᠡᠭ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ | ᠭᠡᠵᠦ ᠵᠢᠭᠠᠵᠤ ᠭᠠᠷᠭᠠᠪᠠ᠃ | |