ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠨᠠᠮ ᠤᠨ ᠰᠤᠷᠭᠠᠭᠤᠯᠢ 3 ᠰᠠᠷ᠎ᠠ ᠶᠢᠨ 1 ᠤ ᠡᠳᠦᠷ | ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠭᠢᠯᠡᠭᠦ ᠶᠣᠰᠣᠯᠠᠯ ᠶᠠᠪᠤᠭᠤᠯᠪᠠ᠃ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠨᠠᠮ ᠤᠨ | ᠰᠤᠷᠭᠠᠭᠤᠯᠢ ᠶᠢᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠪᠣᠯ ᠳᠠᠷᠤᠢ ᠨᠠᠮ ᠳᠤ ᠴᠢᠳᠠᠪᠤᠷᠢᠲᠠᠨ ᠬᠥᠮᠥᠵᠢᠭᠦᠯᠵᠦ᠂ | ᠨᠠᠮ ᠳᠤ ᠠᠷᠭ᠎ᠠ ᠪᠣᠳᠣᠯᠭ᠎ᠠ ᠭᠠᠷᠭᠠᠵᠤ ᠦᠭᠭᠦ ᠶᠠᠪᠤᠳᠠᠯ ᠪᠣᠯᠣᠨ᠎ᠠ᠃ ᠡᠯ᠎ᠡ ᠱᠠᠲᠤᠨ ᠤ ᠨᠠᠮ ᠤᠨ ᠰᠤᠷᠭᠠᠭᠤᠯᠢ ᠡᠨᠡ ᠬᠦ ᠤᠭ | ᠰᠠᠨᠠᠭ᠎ᠠ ᠪᠠᠨ ᠪᠠᠲᠤ ᠰᠠᠬᠢᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠨ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | | | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ᠂ ᠳ᠋ᠢᠩ | ᠰᠢᠤᠸᠠᠢ ᠰᠢᠶᠠᠩ ᠣᠷᠣᠯᠴᠠᠵᠠᠢ᠃ ᠦᠳᠡ ᠶᠢᠨ ᠡᠮᠦᠨᠡᠬᠢ 10 ᠴᠠᠭ ᠲᠤ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ | ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | | | | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠣᠯ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ | ᠡᠷᠬᠡᠪᠰᠢ ᠢᠮᠠᠭᠲᠠ ᠪᠠᠷᠢᠮᠲᠠᠯᠠᠬᠤ ᠤᠯᠤᠰ ᠲᠥᠷᠥ ᠶᠢᠨ ᠵᠣᠭᠰᠣᠴᠠ ᠮᠥᠨ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ | ᠦᠢᠯᠡᠳᠦᠯᠭᠡᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠨᠠᠮ ᠤᠨ ᠲᠤᠭ ᠢᠶᠠᠷ ᠲᠤᠭ ᠲᠡᠮᠳᠡᠭ ᠢᠶᠠᠨ | ᠪᠤᠯᠭᠠᠬᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠤᠯᠭᠠᠬᠤ᠂ ᠨᠠᠮ ᠤᠨ ᠡᠭᠦᠷᠭᠡ ᠬᠠᠷᠢᠭᠤᠴᠠᠯᠭ᠎ᠠ ᠪᠠᠷ | ᠡᠭᠦᠷᠭᠡ ᠬᠠᠷᠢᠭᠤᠴᠠᠯᠭ᠎ᠠ ᠪᠠᠨ ᠪᠤᠯᠭᠠᠬᠤ ᠶᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠠᠭᠤᠤ ᠶᠡᠭᠡ | ᠦᠢᠯᠡᠰ ᠪᠠ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠳᠤᠮᠳᠠ ᠪᠠᠶᠢᠷᠢ ᠲᠣᠭᠲᠠᠭᠠᠯᠲᠠ ᠪᠠᠨ | ᠤᠨᠤᠪᠴᠢᠳᠠᠢ ᠣᠯᠵᠤ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ | ᠡᠷᠬᠡᠪᠰᠢ ᠰᠤᠷᠭᠠᠭᠤᠯᠢ ᠡᠷᠭᠢᠯᠡᠭᠦ ᠵᠥᠪ ᠴᠢᠭᠯᠡᠯ ᠢ ᠪᠠᠷᠢᠮᠲᠠᠯᠠᠵᠤ᠂ ᠨᠠᠮ ᠤᠨ ᠰᠤᠷᠭᠠᠭᠤᠯᠢ ᠨᠠᠮ ᠤᠨ ᠬᠢ ᠪᠠᠶᠢᠬᠤ ᠶᠢ | ᠢᠮᠠᠭᠲᠠ ᠪᠠᠷᠢᠮᠲᠠᠯᠠᠵᠤ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ | ᠤᠬᠠᠮᠰᠠᠷ ᠠᠴᠠ ᠪᠠᠨ ᠲᠠᠭᠠᠬᠤ ᠪᠠ ᠲᠡᠭᠦᠨ ᠳᠤ ᠦᠢᠯᠡᠴᠢᠯᠡᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ | ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠭᠡᠰᠢᠭᠦᠨ ᠡᠷᠬᠡᠪᠰᠢ ᠨᠠᠮ ᠢᠶᠠᠨ ᠬᠠᠶᠢᠷᠠᠯᠠᠬᠤ᠂ | ᠨᠠᠮ ᠢᠶᠠᠨ ᠶᠠᠷᠢᠬᠤ᠂ ᠨᠠᠮ ᠳᠠᠭᠠᠨ ᠰᠠᠨᠠᠭᠠᠰᠢᠷᠠᠬᠤ᠂ ᠨᠠᠮ ᠢᠶᠠᠨ ᠪᠣᠳᠣᠯᠬᠢᠯᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠡᠷᠬᠡᠪᠰᠢ ᠨᠠᠮ ᠤᠨ ᠰᠤᠷᠭᠠᠭᠤᠯᠢ ᠶᠢᠨ ᠠᠵᠢᠯ ᠪᠣᠯᠣᠨ ᠨᠠᠮ ᠤᠨ | ᠭᠤᠣᠯ ᠡᠭᠦᠷᠭᠡ ᠶᠢᠨ ᠤᠶᠠᠯᠳᠤᠯ ᠴᠡᠭ᠂ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠨᠠᠮ ᠤᠨ | ᠬᠡᠷᠡᠭᠴᠡᠭᠡ ᠶᠢ ᠴᠢᠩᠭ᠎ᠠ ᠡᠵᠡᠮᠳᠡᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠳᠤ ᠶᠠᠮᠠᠷ ᠶᠠᠩᠵᠤ ᠶᠢᠨ | ᠺᠠᠳ᠋ᠷ ᠱᠠᠭᠠᠷᠳᠠᠭᠳᠠᠪᠠᠯ ᠨᠠᠮ ᠤᠨ ᠰᠤᠷᠭᠠᠭᠤᠯᠢ ᠲᠡᠷᠡ ᠶᠠᠩᠵᠤ ᠶᠢᠨ ᠺᠠᠳ᠋ᠷ ᠢ ᠬᠥᠮᠥᠵᠢᠭᠦᠯᠬᠦ ᠭᠡᠷᠡᠭᠲᠡᠢ︔ ᠨᠠᠮ ᠠᠴᠠ ᠶᠠᠮᠠᠷ | ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠣᠯ ᠨᠠᠮ ᠤᠨ ᠰᠤᠷᠭᠠᠭᠤᠯᠢ ᠲᠡᠳᠡᠭᠡᠷ ᠲᠠᠯ᠎ᠠ ᠪᠠᠷ | ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠵᠤ ᠦᠭᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠳᠤ ᠴᠢᠳᠠᠪᠤᠷᠢᠲᠠᠨ ᠬᠥᠮᠥᠵᠢᠭᠦᠯᠬᠦ ᠪᠣᠯ ᠨᠠᠮ ᠤᠨ ᠰᠤᠷᠭᠠᠭᠤᠯᠢ ᠶᠢᠨ ᠥᠪᠡᠷᠮᠢᠴᠡ ᠤᠡᠴᠠᠭᠠᠢ | ᠦᠨ᠎ᠡ ᠦᠷᠳᠡᠭ ᠪᠣᠯᠣᠨ᠎ᠠ᠃ ᠨᠠᠮ ᠤᠨ ᠰᠤᠷᠭᠠᠭᠤᠯᠢ ᠪᠣᠯ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠭᠤᠣᠯ | ᠵᠢᠭᠰᠠᠭᠠᠯ ᠤᠨ ᠭᠠᠵᠠᠷ ᠮᠥᠨ᠂ ᠡᠷᠬᠡᠪᠰᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ | ᠳᠡᠶᠢᠯᠭᠦ ᠲᠦᠷᠦ ᠪᠠᠷᠢᠬᠤ ᠭᠤᠣᠯᠯᠠᠭᠴᠢ ᠡᠩᠨᠡᠭᠡ ᠶᠢ ᠬᠥᠮᠥᠵᠢᠭᠦᠯᠦᠨ ᠪᠤᠶᠢᠵᠢᠭᠤᠯᠬᠤ ᠲᠠᠯ᠎ᠠ ᠪᠠᠷ ᠢᠳᠡᠪᠬᠢᠲᠡᠢ ᠵᠢᠳᠬᠦᠯ | ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠶᠣᠰᠣ ᠶᠢ ᠤᠯᠠᠮᠵᠢᠯᠠᠬᠤ᠂ ᠮᠡᠷᠭᠡᠵᠢᠯ ᠬᠦᠷᠲᠡᠭᠡᠬᠦ᠂ ᠡᠭᠡᠳᠡᠷᠡᠭᠡᠨ ᠢ | ᠠᠷᠢᠯᠭᠠᠬᠤ ᠠᠵᠢᠯ ᠢ ᠰᠠᠶᠢᠲᠤᠷ ᠬᠢᠵᠦ᠂ ᠮᠠᠷᠺᠰ ᠤᠨ ᠦᠵᠡᠯ ᠤᠨ ᠦᠨᠡᠨ ᠶᠣᠰᠣᠨ ᠤ ᠶᠣᠰᠣ ᠤᠴᠢᠷ ᠢ ᠰᠠᠶᠢᠲᠤᠷ | ᠤᠯᠠᠮᠵᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠦᠢᠯᠡᠰ ᠢ ᠰᠠᠶᠢᠲᠤᠷ ᠠᠬᠢᠭᠤᠯᠵᠤ᠂ ᠪᠡᠶᠡᠴᠢ ᠶᠢᠷᠲᠢᠨᠴᠦ | ᠪᠣᠯᠣᠨ ᠪᠤᠰᠤᠳᠴᠢ ᠶᠢᠷᠲᠢᠨᠴᠦ ᠳᠤ ᠲᠤᠯᠭᠠᠷᠠᠭᠰᠠᠨ ᠡᠭᠡᠳᠡᠷᠡᠭᠡᠨ ᠢ ᠰᠠᠶᠢᠲᠤᠷ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠤᠨᠤᠯ ᠤᠨ ᠪᠣᠯᠪᠠᠰᠤᠷᠠᠯ ᠪᠣᠯ ᠤᠳᠤᠷᠢᠳᠬᠤ ᠺᠠᠳ᠋ᠷᠴᠤᠳ ᠤᠨ ᠶᠡᠷᠦᠩᠬᠡᠶᠢᠯᠡᠭᠰᠡᠨ ᠬᠡᠪ | ᠪᠣᠯᠪᠠᠰᠤᠷᠠᠯ ᠤᠨ ᠭᠤᠣᠯᠳᠠᠯᠭ᠎ᠠ ᠮᠥᠨ᠂ ᠤᠨᠤᠯ ᠤᠨ ᠲᠠᠯ᠎ᠠ ᠪᠠᠷ ᠴᠠᠭᠠᠷᠠᠬᠤ ᠪᠣᠯ ᠤᠯᠤᠰ ᠲᠦᠷᠦ ᠶᠢᠨ ᠲᠠᠯ᠎ᠠ ᠪᠠᠷ | ᠴᠠᠭᠠᠷᠠᠬᠤ ᠶᠢᠨ ᠰᠠᠭᠤᠷᠢ ᠮᠥᠨ᠂ ᠤᠯᠤᠰ ᠲᠦᠷᠦ ᠶᠢᠨ ᠲᠠᠯ᠎ᠠ ᠪᠠᠷ ᠭᠤᠶᠢᠪᠢᠰᠢ ᠦᠭᠡᠢ ᠪᠠᠶᠢᠬᠤ ᠨᠢ ᠤᠨᠤᠯ ᠤᠨ ᠲᠠᠯ᠎ᠠ ᠪᠠᠷ | ᠰᠣᠨᠣᠷ ᠰᠡᠷᠡᠮᠵᠢ ᠲᠠᠢ ᠪᠠᠶᠢᠬᠤ ᠠᠴᠠ ᠰᠢᠯᠲᠠᠭᠠᠯᠠᠭᠳᠠᠨ᠎ᠠ᠃ ᠤᠳᠤᠷᠢᠳᠬᠤ ᠺᠠᠳ᠋ᠷᠴᠤᠳ ᠲᠤ ᠠᠪᠴᠤ ᠬᠡᠯᠡᠪᠡᠯ᠂ ᠮᠠᠷᠺᠰ ᠤᠨ | ᠦᠵᠡᠯ ᠭᠡᠬᠦ ᠡᠨᠡ ᠬᠦ ᠡᠷᠳᠡᠮ ᠴᠢᠳᠠᠪᠤᠷᠢ ᠶᠢ ᠬᠡᠳᠦᠢ ᠪᠠᠲᠤ ᠡᠵᠡᠮᠰᠢᠬᠦ ᠲᠤᠳᠤᠮ ᠤᠯᠤᠰ ᠲᠦᠷᠦ ᠶᠢᠨ ᠵᠣᠭᠰᠣᠴᠠ ᠨᠢ | ᠲᠡᠳᠦᠢ ᠥᠨᠳᠥᠷ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠨᠢ ᠲᠡᠳᠦᠢ ᠴᠢᠩᠭ᠎ᠠ ᠪᠣᠯᠵᠤ᠂ ᠴᠠᠭ ᠤᠨ ᠪᠠᠶᠢᠳᠠᠯ ᠢ ᠠᠵᠢᠭᠯᠠᠬᠤ᠂ | ᠬᠥᠭᠵᠢᠯᠲᠡ ᠶᠢ ᠲᠥᠯᠥᠪᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠲᠡᠳᠦᠢ ᠰᠠᠨᠠᠭᠠᠴᠢᠯᠠᠭ᠎ᠠ ᠲᠠᠢ | ᠪᠤᠯᠳᠠᠭ᠃ ᠨᠠᠮ ᠤᠨ ᠰᠤᠷᠭᠠᠭᠤᠯᠢ ᠮᠠᠷᠺᠰ ᠤᠨ ᠦᠵᠡᠯ ᠤᠨ ᠤᠨᠤᠯ ᠤᠨ ᠬᠥᠮᠦᠵᠢᠯ ᠪᠣᠯᠪᠠᠰᠤᠷᠠᠯ ᠢ ᠴᠢᠨᠠᠭᠰᠢᠳᠠ | ᠴᠢᠩᠭᠠᠳᠬᠠᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ | ᠪᠦᠲᠦᠭᠡᠯ ᠢᠶᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ | ᠨᠢᠭᠡᠳᠬᠡᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ | ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠪᠣᠯ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠢ ᠳᠠᠪᠲᠠᠨ | ᠪᠤᠯᠪᠠᠰᠤᠷᠠᠭᠤᠯᠬᠤ ︽ᠲᠣᠮᠣ ᠵᠤᠤᠬ᠎ᠠ︾ ᠮᠥᠨ᠃ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮᠴᠢ ᠴᠢᠨᠠᠷ ᠤᠨ ᠬᠥᠮᠦᠵᠢᠯ ᠢ | ᠵᠢᠭᠠᠨ ᠰᠤᠷᠭᠠᠯᠲᠠ ᠶᠢᠨ ᠭᠤᠣᠯ ᠠᠭᠤᠯᠭ᠎ᠠ ᠪᠤᠯᠭᠠᠵᠤ᠂ ᠬᠦᠰᠡᠯᠡᠩ ᠢᠲᠡᠭᠡᠯ ᠪᠢᠰᠢᠷᠡᠯ᠂ ᠨᠠᠮ ᠤᠨ ᠵᠣᠷᠢᠯᠲᠠ᠂ ︽ᠲᠦᠷᠪᠡᠨ | ᠲᠡᠦᠬᠡ︾᠂ ᠬᠤᠪᠢᠰᠬᠠᠯ ᠤᠨ ᠤᠯᠠᠮᠵᠢᠯᠠᠯ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ᠂ | ᠨᠠᠮ ᠤᠨ ᠰᠤᠷᠲᠠᠯ ᠴᠢᠬᠡᠴᠢ ᠵᠠᠰᠠᠭ ᠵᠡᠷᠭᠡ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠳᠦᠷᠢᠮ ᠪᠠ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠮᠴᠢ ᠴᠢᠨᠠᠷ ᠤᠨ ᠬᠥᠮᠦᠵᠢᠯ ᠤᠨ ᠴᠢᠬᠤᠯᠠ | ᠠᠭᠤᠯᠭ᠎ᠠ ᠪᠤᠯᠭᠠᠵᠤ᠂ ᠤᠳᠤᠷᠢᠳᠬᠤ ᠺᠠᠳ᠋ᠷᠴᠤᠳ ᠤᠨ ᠦᠵᠡᠯ ᠰᠠᠨᠠᠭᠠᠨ ᠤ ᠤᠬᠠᠮᠰᠠᠷ᠂ ᠤᠶᠤᠨ ᠰᠠᠨᠠᠭᠠᠨ ᠤ ᠲᠦᠪᠰᠢᠨ᠂ | ᠶᠣᠰᠣ ᠮᠣᠷᠠᠯ ᠤᠨ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠪᠠ ᠠᠬᠢᠭᠤᠯᠵᠤ᠂ | ᠵᠥᠪ ᠡᠷᠬᠡ ᠶᠢᠨ ᠦᠵᠡᠯᠲᠡ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ | ᠪᠤᠢ ᠪᠤᠯᠭᠠᠵᠤ᠂ ᠡᠪ ᠬᠠᠮᠲᠤᠴᠤᠳ ᠤᠨ ᠤᠯᠤᠰ ᠲᠦᠷᠤ ᠶᠢᠨ ᠣᠣᠷ ᠴᠢᠨᠠᠷ ᠢᠶᠠᠨ ᠬᠠᠳᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ᠂ ᠤᠳᠤᠷᠢᠳᠬᠤ ᠺᠠᠳ᠋ᠷᠴᠤᠳ ᠡᠷᠬᠡᠪᠰᠢ ᠡᠯ᠎ᠡ ᠲᠠᠯ᠎ᠠ ᠶᠢᠨ ᠴᠢᠳᠠᠪᠤᠷᠢ ᠪᠠᠨ | ᠪᠦᠭᠦ ᠲᠠᠯ᠎ᠠ ᠪᠠᠷ ᠴᠢᠩᠭᠠᠳᠬᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠮᠡᠷᠭᠡᠵᠢᠯᠲᠡᠨ ᠪᠤᠯᠬᠤ ᠪᠠᠷ ᠴᠢᠷᠮᠠᠶᠢᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠲᠤᠰᠬᠠᠶᠢᠵᠢᠭᠰᠠᠨ ᠴᠢᠳᠠᠪᠤᠷᠢ ᠶᠢᠨ | ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠭᠦ ᠶᠢᠨ ᠵᠡᠷᠭᠡ ᠪᠠᠷ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ | ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠦᠴᠢᠷ ᠠᠰᠠᠭᠤᠳᠠᠯ ᠢ | ᠰᠢᠢᠳᠪᠦᠷᠢᠯᠡᠬᠦ᠂ ᠥᠷᠢᠰᠦᠯᠳᠦᠭᠡᠨ ᠢ ᠤᠭᠲᠤᠬᠤ᠂ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ | ᠲᠤᠰᠬᠠᠶᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤᠷᠢᠳᠬᠤ ᠠᠵᠢᠯ ᠢ ᠨᠠᠩ ᠰᠠᠶᠢᠲᠤᠷ | ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠨᠠᠮ ᠤᠨ ᠦᠵᠡᠯ ᠰᠠᠨᠠᠭ᠎ᠠ ᠤᠨᠤᠯ ᠤᠨ ᠹᠷᠣᠨᠲ ᠤᠨ ᠨᠢᠭᠡ ᠲᠠᠯ᠎ᠠ ᠶᠢᠨ | ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠨᠠᠮ ᠳᠤ ᠠᠷᠭ᠎ᠠ ᠪᠣᠳᠣᠯᠭ᠎ᠠ ᠳᠡᠪᠰᠢᠭᠦᠯᠭᠦ ᠴᠢᠬᠤᠯᠠ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠨᠤᠯ ᠤᠨ ᠰᠤᠳᠤᠯᠭᠠᠨ᠂ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠬᠢᠬᠦ | ᠡᠨᠡ ᠬᠦ ᠵᠢᠮ᠎ᠡ ᠶᠣᠰᠣ ᠶᠢ ᠰᠦᠪᠡᠭᠴᠢᠯᠡᠵᠦ᠂ ᠦᠶ᠎ᠡ ᠲᠡᠮᠵᠢᠨ ᠬᠡᠷᠡᠭᠯᠡᠬᠦ ᠶᠡᠭᠡ ᠤᠬᠠᠭᠠᠨ ᠢ ᠰᠠᠶᠢᠲᠤᠷ ᠰᠤᠳᠤᠯᠵᠤ᠂ ᠨᠠᠮ ᠤᠨ | ᠰᠢᠨ᠎ᠡ ᠶᠢ ᠡᠭᠦᠳᠭᠦ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢ | ᠠᠬᠢᠭᠤᠯᠬᠤ᠂ ᠨᠠᠮ ᠪᠣᠯᠣᠨ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠪᠣᠳᠣᠯᠭ᠎ᠠ ᠭᠠᠷᠭᠠᠬᠤ ᠵᠡᠷᠭᠡ | ᠲᠠᠯ᠎ᠠ ᠪᠠᠷ ᠴᠢᠨᠠᠷ ᠰᠠᠶᠢᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠡᠨᠡ ᠨᠢ ᠮᠥᠨ ᠴᠦ ᠨᠠᠮ ᠤᠨ ᠰᠤᠷᠭᠠᠭᠤᠯᠢ ᠶᠢᠨ | ᠥᠪᠡᠷᠮᠢᠴᠡ ᠦᠨ᠎ᠡ ᠦᠷᠳᠡᠭ ᠪᠤᠯᠬᠤ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠪᠣᠯ ᠨᠠᠮ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠴᠢᠬᠤᠯᠠ ᠡᠮᠦᠨ᠎ᠡ | ᠹᠷᠣᠨᠲ ᠤᠨ ᠵᠢᠭᠰᠠᠭᠠᠯ ᠤᠨ ᠭᠠᠵᠠᠷ ᠪᠣᠯᠣᠨ᠎ᠠ᠂ ᠡᠷᠬᠡᠪᠰᠢ ᠨᠠᠮ ᠳᠤ ᠦᠨᠡᠨᠴᠢ ᠰᠢᠳᠤᠷᠭᠤ᠂ ᠮᠠᠷᠺᠰ ᠤᠨ ᠦᠵᠡᠯ ᠳᠤ | ᠦᠨᠡᠨᠴᠢ ᠰᠢᠳᠤᠷᠭᠤ ᠪᠠᠶᠢᠬᠤ ᠬᠥᠮᠥᠰ ᠤᠨ ᠭᠠᠷ ᠲᠤ ᠡᠵᠡᠮᠳᠡᠭᠦᠯᠬᠦ ᠬᠡᠷᠡᠭᠲᠡᠢ᠃ ᠨᠠᠮ ᠤᠨ ᠰᠤᠷᠭᠠᠭᠤᠯᠢ ᠨᠠᠮ ᠤᠨ | ᠵᠣᠷᠢᠯᠲᠠ ᠶᠢ ᠤᠬᠠᠭᠤᠯᠵᠤ᠂ ᠡᠯ᠎ᠡ ᠵᠦᠢᠯ ᠤᠨ ᠭᠠᠵᠢᠭᠤ ᠪᠤᠷᠤᠭᠤ ᠰᠤᠷᠭᠠᠯ ᠢ ᠬᠠᠨᠳᠤᠯᠭᠠᠲᠤ ᠴᠢᠨᠠᠷᠲᠠᠢ ᠪᠠᠷ ᠰᠢᠭᠦᠮᠵᠢᠯᠡᠨ | ᠨᠢᠴᠤᠭᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠢᠳᠡᠪᠬᠢᠲᠡᠢ ᠤᠬᠠᠭᠤᠯᠤᠨ ᠲᠠᠶᠢᠯᠪᠤᠷᠢᠯᠠᠭᠴᠢ᠂ ᠦᠵᠡᠯ | ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠡᠷᠡᠰ | ᠬᠠᠮᠠᠭᠠᠯᠠᠭᠴᠢ ᠪᠣᠯᠵᠤ᠂ ᠨᠠᠮ ᠤᠨ ᠦᠵᠡᠯ ᠤᠬᠠᠮᠰᠠᠷ ᠤᠨ ᠭᠡᠯᠪᠡᠷᠢ ᠪᠠᠷ ᠨᠡᠶᠢᠭᠡᠮ ᠤᠨ ᠦᠵᠡᠯ ᠰᠠᠨᠠᠭᠠᠨ ᠤ ᠤᠷᠤᠰᠬᠠᠯ ᠢ | ᠬᠥᠲᠥᠯᠥᠨ ᠵᠢᠯᠤᠭᠤᠳᠬᠤ ᠨᠠᠶᠢᠳᠠᠪᠤᠷᠢᠲᠠᠢ ᠬᠤᠰᠢᠭᠤᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠪᠠᠨ ᠪᠠᠲᠤ ᠰᠠᠬᠢᠬᠤ ᠳᠤ ᠡᠷᠬᠡᠪᠰᠢ ᠰᠤᠷᠭᠠᠭᠤᠯᠢ ᠶᠢ | ᠴᠢᠩᠭ᠎ᠠ ᠵᠠᠰᠠᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠬᠠᠮᠤᠭ ᠤᠨ ᠴᠢᠩᠭ᠎ᠠ | ᠤᠯᠤᠰ ᠲᠦᠷᠦ ᠶᠢᠨ ᠪᠠᠷᠢᠮᠵᠢᠶ᠎ᠠ᠂ ᠡᠷᠳᠡᠮ ᠰᠢᠨᠵᠢᠯᠡᠭᠡᠨ ᠤ ᠪᠠᠷᠢᠮᠵᠢᠶ᠎ᠠ᠂ ᠵᠢᠭᠠᠨ ᠰᠤᠷᠭᠠᠯᠲᠠ ᠶᠢᠨ ᠪᠠᠷᠢᠮᠵᠢᠶ᠎ᠠ᠂ | ᠬᠠᠮᠢᠶᠠᠷᠤᠯᠲᠠ ᠶᠢᠨ ᠪᠠᠷᠢᠮᠵᠢᠶ᠎ᠠ ᠶᠢ ᠵᠢᠷᠤᠮᠯᠠᠵᠤ᠂ ᠲᠥᠪ ᠪᠤᠰᠤ ᠰᠤᠷᠲᠠᠯ ᠤᠨ ︽ᠠᠷᠢᠭᠤᠳᠬᠠᠭᠤᠷ︾᠂ ᠨᠠᠮᠴᠢ ᠴᠢᠨᠠᠷ ᠢ | ᠳᠠᠪᠲᠠᠨ ᠪᠤᠯᠪᠠᠰᠤᠷᠠᠭᠤᠯᠬᠤ ︽ᠲᠣᠮᠣ ᠵᠤᠤᠬ᠎ᠠ︾᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ︽ᠵᠦᠭᠯᠡᠭᠦᠷ︾ | ᠪᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠨᠠᠮ ᠤᠨ ᠰᠤᠷᠭᠠᠭᠤᠯᠢ ᠶᠢᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ | ᠰᠤᠷᠲᠠᠯ ᠤᠨ ᠬᠥᠮᠦᠵᠢᠯ ᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠳᠦᠷᠢᠮ ᠤᠨ ᠬᠥᠮᠦᠵᠢᠯ ᠢ ᠴᠢᠩᠭᠠᠳᠬᠠᠵᠤ᠂ ᠨᠠᠮ ᠤᠨ ᠰᠤᠷᠭᠠᠭᠤᠯᠢ ᠶᠢᠨ ᠪᠠᠭᠰᠢ ᠨᠠᠷ ᠤᠨ ᠨᠢᠭᠡ ᠰᠡᠳᠬᠢᠯ ᠢᠶᠠᠷ ᠡᠷᠳᠡᠮ | ᠰᠢᠨᠵᠢᠯᠡᠭᠡᠨ ᠬᠢᠬᠦ᠂ ᠴᠢᠩ ᠦᠨᠡᠨᠴᠢ ᠪᠠᠷ ᠶᠣᠰᠣ ᠶᠢ ᠮᠥᠷᠳᠡᠵᠦ᠂ ᠪᠦᠭᠦ ᠰᠡᠳᠬᠢᠯ ᠢᠶᠠᠷ ᠬᠥᠮᠥᠨ ᠬᠥᠮᠥᠵᠢᠭᠦᠯᠬᠦ ᠶᠢ | ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠵᠣᠷᠢᠭᠲᠠᠢ ᠠᠳᠬᠤᠨ ᠵᠣᠷᠢᠭᠲᠠᠢ | ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠰᠤᠷᠤᠯᠭᠠᠲᠠᠳ ᠲᠤ ᠨᠠᠮ ᠤᠨ ᠰᠤᠷᠭᠠᠭᠤᠯᠢ ᠳᠤ ᠠᠯᠬᠤᠨ | ᠣᠷᠣᠮᠠᠭᠴᠠ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ ᠢ ᠮᠡᠳᠡᠷᠡᠭᠦᠯᠬᠦ ᠬᠡᠷᠡᠭᠲᠡᠢ᠃ | ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠶᠢᠨ ᠠᠮᠢ ᠨᠠᠰᠤᠨ ᠤ | ᠢᠨᠵᠧᠨᠧᠷᠢᠩ ᠪᠤᠯᠭᠠᠵᠤ᠂ ᠥᠨᠳᠥᠷ ᠪᠠᠷᠢᠮᠵᠢᠶ᠎ᠠ ᠪᠠᠷ ᠰᠤᠷᠭᠠᠭᠤᠯᠢ ᠡᠷᠭᠢᠯᠡᠭᠦ ᠶᠢ ᠪᠠᠷᠢᠮᠲᠠᠯᠠᠬᠤ ᠬᠡᠷᠡᠭᠲᠡᠢ᠃ ᠴᠢᠳᠠᠪᠤᠷᠢᠲᠠᠨ ᠤ | ᠡᠩᠨᠡᠭᠡ ᠭᠡᠬᠦ ᠡᠨᠡ ᠬᠦ ᠵᠠᠩᠭᠢᠯᠠᠭ᠎ᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠢᠶᠠᠷ ᠰᠤᠷᠭᠠᠭᠤᠯᠢ ᠶᠢ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠨᠠᠮ ᠤᠨ ᠰᠤᠷᠭᠠᠭᠤᠯᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠨᠠᠮ ᠤᠨ ᠨᠠᠮ ᠤᠨ ᠰᠤᠷᠭᠠᠭᠤᠯᠢ ᠡᠷᠭᠢᠯᠡᠭᠦ ᠦᠨᠳᠦᠰᠦᠨ ᠲᠤᠷᠰᠢᠯᠭ᠎ᠠ ᠮᠥᠨ᠂ | ᠮᠥᠨ ᠴᠤ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠡᠷᠡᠭᠦᠯ ᠢᠶᠠᠷ ᠭᠦᠭᠵᠢᠭᠦ ᠶᠢ ᠠᠬᠢᠭᠤᠯᠬᠤ ᠦᠨᠳᠦᠰᠦᠨ | ᠪᠠᠲᠤᠯᠠᠭ᠎ᠠ ᠮᠥᠨ᠃ ᠪᠦᠭᠦ ᠨᠠᠮ ᠢᠶᠠᠷ ᠢᠶᠠᠨ ᠨᠠᠮ ᠤᠨ ᠰᠤᠷᠭᠠᠭᠤᠯᠢ ᠶᠢ ᠡᠷᠭᠢᠯᠡᠭᠦ ᠶᠢ ᠪᠠᠷᠢᠮᠲᠠᠯᠠᠵᠤ᠂ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠡᠭᠦᠷᠭᠡ ᠲᠤᠰᠢᠶᠠᠯᠲᠤ ᠰᠠᠯᠠᠭ᠎ᠠ ᠮᠥᠴᠢᠷ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠬᠥᠭᠵᠢᠯᠲᠡ ᠶᠢ ᠳᠡᠮᠵᠢᠭᠦ ᠬᠡᠷᠡᠭᠲᠡᠢ ᠭᠡᠵᠦ | ᠴᠢᠬᠤᠯᠠᠴᠢᠯᠠᠪᠠ᠃ | ᠴᠧᠨ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠲᠥᠪ ᠤᠨ ᠨᠠᠮ ᠤᠨ | ᠰᠤᠷᠭᠠᠭᠤᠯᠢ ᠶᠢᠨ 90 ᠵᠢᠯ ᠤᠨ ᠲᠡᠦᠬᠡᠨ ᠠᠮᠵᠢᠯᠲᠠ ᠪᠦᠲᠦᠮᠵᠢ ᠪᠣᠯᠣᠨ ᠭᠡᠷᠡᠯ ᠰᠠᠴᠤᠷᠠᠩᠭᠤᠢ ᠠᠵᠢᠯ ᠤᠨ ᠠᠮᠵᠢᠯᠲᠠ ᠶᠢ | ᠡᠷᠭᠢᠴᠡᠭᠦᠯᠦᠨ ᠳ᠋ᠦᠩᠨᠡᠵᠦ᠂ ︽ᠨᠠᠮ ᠳᠤ ᠴᠢᠳᠠᠪᠤᠷᠢᠲᠠᠨ ᠬᠥᠮᠥᠵᠢᠭᠦᠯᠬᠦ᠂ ᠨᠠᠮ ᠳᠤ ᠠᠷᠭ᠎ᠠ ᠪᠣᠳᠣᠯᠭ᠎ᠠ ᠭᠠᠷᠭᠠᠵᠤ ᠦᠭᠭᠦ︾ | ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠪᠠᠲᠤ ᠰᠠᠬᠢᠬᠤ ᠶᠢᠨ ᠲᠣᠭᠤᠷᠢᠨ ᠳᠤ ᠪᠦᠭᠦ ᠲᠠᠯ᠎ᠠ ᠪᠠᠷ ᠭᠦᠨᠵᠡᠭᠡᠢ | ᠲᠣᠳᠣᠷᠬᠠᠶᠢᠯᠠᠨ ᠥᠭᠦᠯᠡᠪᠡ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ | ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ᠃ ᠡᠯ᠎ᠡ ᠱᠠᠲᠤᠨ ᠤ ᠨᠠᠮ ᠤᠨ | ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠠᠶᠠᠨ ᠳᠤ ᠨᠠᠮ ᠤᠨ ᠰᠤᠷᠭᠠᠭᠤᠯᠢ ᠶᠢᠨ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ | ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠬᠡᠷᠡᠭᠲᠡᠢ ᠭᠡᠵᠦ ᠢᠯᠡᠳᠬᠡᠪᠡ᠃ | ᠬᠤᠷᠠᠯ ᠨᠢ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠲᠡᠭᠦᠰᠴᠡᠢ᠃ | ᠯᠢ ᠭᠠᠨ ᠵᠢᠶᠧ᠂ ᠯᠢ ᠱᠤ᠋ ᠯᠧᠢ᠂ ᠯᠢᠦ ᠶᠢᠨ ᠭᠦᠸᠧ ᠬᠤᠷᠠᠯ ᠳᠤ ᠣᠷᠣᠯᠴᠠᠪᠠ᠃ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠥᠪ ᠤᠨ ᠨᠠᠮ ᠤᠨ | ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠪᠣᠯᠣᠨ ᠳᠤᠮᠳᠠᠳᠤ ᠤᠯᠤᠰ ᠤᠨ ᠫᠦᠳᠦ᠋ᠩ᠂ | ᠵᠢᠩᠭᠠᠩᠱᠠᠨ᠂ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠠᠭᠰᠢ | ᠠᠵᠢᠯᠲᠠᠨ ᠤ ᠲᠥᠯᠥᠭᠡᠯᠡᠭᠴᠢ᠂ ᠰᠤᠷᠭᠠᠭᠤᠯᠢ ᠳᠤ ᠪᠠᠶᠢᠭ᠎ᠠ ᠰᠤᠷᠤᠯᠭᠠᠲᠠᠨ᠂ ᠲᠥᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠤᠯ ᠤᠨ ᠰᠤᠷᠭᠠᠭᠤᠯᠢ ︵ᠳᠡᠭᠡᠳᠦ ᠰᠤᠷᠭᠠᠭᠤᠯᠢ︶ ᠶᠢᠨ | ᠤᠳᠤᠷᠢᠳᠤᠯᠭ᠎ᠠ᠂ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ | ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ | ᠳᠤᠮᠳᠠᠳᠤ ᠤᠯᠤᠰ ᠤᠨ ᠫᠦᠳᠦ᠋ᠩ᠂ ᠵᠢᠩᠭᠠᠩᠱᠠᠨ᠂ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠬᠤᠪᠢᠶᠠᠷᠢ | ᠬᠤᠷᠠᠯ ᠤᠨ ᠲᠠᠯᠠᠪᠠᠢ ᠲᠣᠬᠢᠷᠠᠭᠤᠯᠪᠠ᠃ | |