ᠰᠢ ᠶᠢᠨ ᠫᠢᠩ ᠯᠢ ᠵᠠᠨ ᠱᠣ᠋ ᠸᠠᠩ ᠶᠠᠩ ᠯᠢ ᠴᠢᠶᠠᠩ ᠸᠠᠩ ᠬᠤ᠋ ᠨᠢᠩ ᠬᠠᠨ ᠵᠧᠩ ᠼᠠᠢ ᠴᠢ ᠳ᠋ᠢᠩ ᠰᠢᠤᠸᠠᠢ ᠰᠢᠶᠠᠩ | ᠯᠢ ᠰᠢ ᠸᠠᠩ ᠴᠢ ᠱᠠᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ | ᠯ᠊ ᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ ᠵᠤᠤ ᠯᠧ ᠵᠢᠢ ᠬᠤᠷᠠᠯ ᠢ ᠡᠷᠭᠢᠯᠡᠪᠡ | ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠵᠡᠷᠭᠡ ᠶᠢ | ᠰᠣᠨᠣᠰᠪᠠ | | | | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ᠃ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠯᠢ | ᠴᠢᠶᠠᠩ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠨᠠᠷ | ᠬᠤᠷᠠᠯ ᠳᠤ ᠣᠷᠣᠯᠴᠠᠵᠠᠢ᠃ ᠵᠢᠦᠢ ᠫᠧᠩ ᠰᠡᠭᠦᠳᠡᠷᠯᠡᠪᠡ | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 5 ᠤ | ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢᠨ᠎ᠡ ᠨᠢᠭᠡ | ᠬᠤᠭᠤᠴᠠᠭᠠᠨ ᠤ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ ᠣᠷᠣᠯᠴᠠᠵᠤ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠨ᠎ᠡ᠃ | ᠬᠠᠪᠤᠷ ᠤᠨ ᠡᠬᠢᠨ ᠤ ᠪᠡᠭᠡᠵᠢᠩ ᠬᠤᠲᠠᠨ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠦᠮᠡᠨ ᠪᠣᠳᠠᠰ ᠲᠥᠯᠵᠢᠨ | ᠠᠮᠢᠯᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠡᠭᠡ ᠶᠣᠰᠣᠯᠠᠯ ᠤᠨ ᠲᠠᠩᠬᠢᠮ ᠳᠤ ᠲᠥᠪ ᠬᠢᠴᠢᠶᠡᠩᠭᠦᠢ ᠪᠥᠭᠡᠳ | ᠭᠦᠷ ᠬᠥᠭᠵᠢᠶᠡᠨᠲᠡᠢ ᠠᠭᠤᠷ ᠠᠮᠢᠰᠬᠤᠯ ᠢᠶᠠᠷ ᠪᠢᠯᠬᠠᠵᠤ᠂ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠭᠰᠡᠨ | ᠤᠯᠤᠰ ᠤᠨ ᠰᠦᠯᠳᠡ ᠬᠤᠷᠴᠠ ᠤᠯᠠᠭᠠᠨ ᠲᠤᠬ ᠯᠤᠭ᠎ᠠ ᠥᠩᠭᠡ ᠢᠯᠭᠠᠷᠠᠨ ᠭᠡᠷᠡᠯ ᠰᠠᠴᠤᠷᠠᠩᠬᠠᠨ ᠬᠠᠷᠠᠭᠳᠠᠨ᠎ᠠ᠃ | | | | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ᠃ ᠵᠤᠤ ᠯᠧ ᠵᠢᠢ ᠡᠭᠢᠯᠡᠯᠲᠡ ᠶᠢᠨ ᠬᠤᠷᠠᠯ ᠢ ᠡᠷᠭᠢᠯᠡᠵᠡᠢ᠃ ᠬᠤᠸᠠᠩ ᠵᠢᠩ ᠸᠧᠨ ᠰᠡᠭᠦᠳᠡᠷᠯᠡᠪᠡ | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ | ᠵᠤᠤ ᠯᠧ ᠵᠢᠢ ᠶᠡᠭᠡ ᠬᠤᠷᠠᠯ ᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ | ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠭᠠᠨ ᠵᠢᠶᠧ᠂ ᠯᠢ ᠬᠤᠩ ᠵᠦᠩ᠂ ᠸᠠᠩ ᠳ᠋ᠦᠩ ᠮᠢᠩ᠂ ᠰᠢᠶᠣᠣ | ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ | ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ | ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠯᠢ ᠴᠢᠶᠠᠩ᠂ ᠸᠠᠩ ᠬᠤ᠋ ᠨᠢᠩ᠂ ᠬᠠᠨ ᠵᠧᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ 2977 ᠬᠥᠮᠥᠨ ᠣᠷᠤᠯᠴᠠᠬᠤ ᠶᠣᠰᠣᠲᠠᠢ᠃ 5 ᠤ ᠦᠳᠡ ᠶᠢᠨ ᠡᠮᠦᠨᠡᠬᠢ ᠬᠤᠷᠠᠯ ᠳᠤ 2948 | ᠬᠥᠮᠥᠨ ᠣᠷᠣᠯᠴᠠᠵᠤ᠂ 29 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ | ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠦᠳᠡ ᠶᠢᠨ ᠡᠮᠦᠨᠡᠬᠢ 9 ᠴᠠᠭ ᠲᠤ᠂ ᠵᠣᠣ ᠯᠧ ᠵᠢᠢ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠡᠬᠢᠯᠡᠯ᠎ᠡ ᠭᠡᠵᠦ ᠨᠡᠶᠢᠲᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ᠂ ᠴᠡᠷᠢᠭ ᠤᠨ ᠬᠥᠭᠵᠢᠮ ᠤᠨ ᠠᠩᠭᠢ ᠶᠢᠨ | ᠬᠥᠭᠵᠢᠮ ᠤᠨ ᠬᠠᠪᠰᠤᠷᠭᠠᠯ ᠳᠣᠣᠷ᠎ᠠ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | | | | | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠵᠡᠢ᠃ ᠷᠣᠣ ᠠᠢ ᠮᠢᠨ ᠰᠡᠭᠦᠳᠡᠷᠯᠡᠪᠡ | ᠬᠤᠷᠠᠯ ᠤᠨ ᠵᠥᠪᠯᠡᠭᠦ ᠵᠦᠢᠯᠡᠰ ᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ | ᠺᠧ ᠴᠢᠶᠠᠩ ᠲᠦᠷᠦ ᠵᠢᠨᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠡᠭᠡᠷ᠎ᠡ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠪᠡ᠃ ᠢᠯᠡᠳᠬᠡᠯ ᠨᠢ 2 ᠬᠡᠰᠡᠭ ᠢᠶᠠᠷ ᠪᠦᠷᠢᠯᠳᠦᠵᠡᠢ᠄ ᠨᠢᠭᠡ᠂ ᠥᠩᠭᠡᠷᠡᠭᠰᠡᠨ ᠨᠢᠭᠡ ᠵᠢᠯ ᠪᠠ | ᠲᠠᠪᠤᠨ ᠵᠢᠯ ᠤᠨ ᠠᠵᠢᠯ ᠤᠨ ᠡᠷᠭᠢᠴᠡᠭᠦᠯᠦᠯ︔ ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ | ᠰᠠᠨᠠᠭᠤᠯᠭ᠎ᠠ᠃ | ᠯᠢ ᠺᠧ ᠴᠢᠶᠠᠩ ᠢᠯᠡᠳᠬᠡᠯ ᠳᠡᠭᠡᠨ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠲᠦᠢᠯ ᠤᠨ | ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠᠲᠠᠢ ᠬᠤᠷᠠᠯᠳᠤᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠲᠤᠬᠰᠢᠨ | ᠰᠠᠯᠬᠢ ᠰᠢᠷᠦᠭᠦᠨ ᠳᠠᠪᠠᠯᠭᠠᠨ ᠪᠦᠬᠦᠢ ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠤᠯᠤᠰ ᠤᠨ | ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠢ ᠶᠢᠨ ᠲᠣᠭᠲᠠᠭᠤᠨ ᠡᠷᠭᠢᠯᠲᠡ᠂ ᠬᠥᠭᠵᠢᠯᠲᠡ ᠶᠢᠨ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠲᠡ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠲᠦᠢᠯ ᠤᠨ | ᠭᠢᠯᠪᠠᠷ ᠪᠤᠰᠤ ᠪᠠᠷ ᠲᠡᠮᠡᠴᠡᠨ ᠣᠯᠣᠭᠰᠠᠨ ᠰᠢᠨ᠎ᠡ ᠠᠮᠵᠢᠯᠲᠠ ᠪᠦᠲᠦᠮᠵᠢ ᠶᠢ ᠣᠯᠵᠠᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠥᠩᠭᠡᠷᠡᠭᠰᠡᠨ ᠲᠠᠪᠤᠨ ᠵᠢᠯ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ | ᠵᠢᠷ ᠤᠨ ᠪᠤᠰᠤ ᠶᠢᠨ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠠ ᠳᠡᠯᠡᠬᠡᠢ ᠶᠢᠨ ᠬᠤᠪᠢᠰᠤᠯᠲᠠ ᠶᠢᠨ ᠲᠦᠷᠭᠡᠨ ᠬᠤᠪᠢᠷᠠᠯᠲᠠ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠢ | ᠤᠷᠤᠭᠤᠳᠠᠬᠤ ᠵᠡᠷᠭᠡ ᠤᠯᠠᠨ ᠳᠠᠪᠬᠤᠷ ᠰᠢᠯᠭᠠᠯᠲᠠ ᠶᠢ ᠳᠠᠭᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠡᠢ ᠭᠡᠵᠦ | ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ | ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠰᠢᠨ᠎ᠡ ᠶᠢ ᠡᠭᠦᠳᠴᠦ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ | ᠪᠠᠶᠢᠬᠤ ᠶᠢ ᠪᠠᠲᠤᠯᠠᠪᠠ︔ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠪᠠ︔ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠶᠡᠭᠡ ᠪᠠᠷ ᠭᠦᠭᠵᠢᠭᠡᠪᠠ︔ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ | ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠲᠡᠰ ᠳᠡᠪᠰᠢᠭᠦ ᠶᠢ ᠠᠭᠢᠭᠤᠯᠪᠠ︔ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠶᠢ | ᠥᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ | ᠠᠭᠢᠭᠤᠯᠪᠠ︔ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠭᠡᠷᠡᠭᠵᠢᠭᠦᠯᠪᠠ︔ ᠭᠠᠳᠠᠭᠠᠳᠤ ᠨᠡᠭᠡᠭᠡᠯᠲᠡ ᠪᠠᠨ ᠡᠷᠡᠰ ᠥᠷᠭᠡᠳᠬᠡᠵᠦ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠪᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠭᠢᠭᠤᠯᠪᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ | ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠲᠦᠷᠭᠡᠳᠭᠡᠪᠠ︔ ᠵᠠᠰᠠᠭ ᠤᠨ ᠣᠷᠳᠣᠨ ᠤ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠭᠦ ᠶᠢ ᠠᠬᠢᠭᠤᠯᠵᠤ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠡᠳᠡᠭᠡᠷ ᠵᠢᠯ ᠳᠤ ᠮᠠᠨ ᠤ ᠤᠯᠤᠰ ᠤᠨ ᠬᠥᠭᠵᠢᠯᠲᠡ ᠳᠤ ᠣᠯᠣᠭᠰᠠᠨ ᠠᠮᠵᠢᠯᠲᠠ | ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ | ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠮᠠᠨ ᠤ ᠤᠯᠤᠰ ᠪᠣᠯ ᠬᠥᠭᠵᠢᠵᠦ ᠪᠠᠶᠢᠭ᠎ᠠ ᠲᠣᠮᠣ ᠤᠯᠤᠰ ᠮᠥᠨ᠂ ᠨᠡᠶᠢᠭᠡᠮ | ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ | ᠠᠰᠠᠭᠤᠳᠠᠯ ᠮᠥᠨ ᠬᠦ ᠲᠣᠪᠤᠶᠢᠮ᠎ᠠ ᠣᠷᠣᠰᠢᠵᠤ ᠪᠠᠶᠢᠭᠰᠠᠭᠠᠷ ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ ᠠᠰᠠᠭᠤᠳᠠᠯ ᠪᠠ | ᠥᠷᠢᠰᠦᠯᠳᠦᠭᠡᠨ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠵᠠᠰᠠᠭ ᠤᠨ ᠣᠷᠳᠣᠨ ᠤ ᠠᠵᠢᠯ ᠢ | ᠰᠠᠶᠢᠵᠢᠷᠠᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠵᠦ ᠪᠤᠯᠬᠤ ᠦᠭᠡᠢ ᠭᠡᠵᠦ ᠵᠢᠭᠠᠵᠤ ᠭᠠᠷᠭᠠᠪᠠ᠃ | | ᠯᠢ ᠺᠧ ᠴᠢᠶᠠᠩ ᠢᠯᠡᠳᠬᠡᠯ ᠳᠡᠭᠡᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ | ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠲᠠ | ᠪᠠᠯᠭᠠᠰᠤᠨ ᠳᠤ 1200 ᠲᠦᠮᠡ ᠣᠷᠴᠢᠮ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠳᠤ ᠪᠠᠶᠢᠯᠭᠠᠨ᠎ᠠ︔ | ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ ᠶᠢ ᠲᠣᠭᠲᠠᠭᠤᠨ ᠪᠠᠶᠢᠯᠭᠠᠬᠤ ᠶᠢ ᠠᠬᠢᠭᠤᠯᠤᠨ ᠶᠠᠰᠤ ᠴᠢᠨᠠᠷ ᠢ | ᠳᠡᠭᠡᠭᠰᠢᠯᠡᠭᠦᠯᠵᠦ᠂ ᠤᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ | ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠨᠢᠭᠡᠴᠢ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠠ ᠭᠤᠣᠯ ᠪᠤᠯᠬᠤ | ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠨᠡᠭᠦᠷᠡᠰᠦ ᠴᠢᠯᠠᠭᠤᠨ ᠲᠣᠰᠣ ᠬᠡᠢ ᠵᠡᠷᠭᠡ | ᠴᠢᠯᠠᠭᠤᠵᠢᠮᠠᠯ ᠡᠨᠧᠷᠭᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ | ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠺᠧ ᠴᠢᠶᠠᠩ ᠬᠡᠳᠦᠨ ᠵᠦᠢᠯ ᠤᠨ | ᠭᠤᠣᠯᠳᠠᠯᠭ᠎ᠠ ᠶᠢ ᠳᠤᠷᠠᠳᠴᠠᠢ᠄ ᠨᠢᠭᠡ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠭᠡᠨ᠎ᠡ︔ | ᠬᠤᠶᠠᠷ ᠲᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ︔ ᠭᠤᠷᠪᠠ ᠳᠤ᠂ ︽ | ᠬᠤᠶᠠᠷ ᠥᠴᠥᠬᠡᠨ ᠴᠦ ᠭᠤᠶᠢᠪᠢᠰᠢ ᠦᠭᠡᠢ ᠪᠠᠶᠢᠬᠤ︾ ᠶᠢ ᠦᠨᠡᠨ ᠬᠦ ᠨᠠᠶᠢᠳᠠᠪᠤᠷᠢᠵᠢᠭᠤᠯᠤᠨ᠎ᠠ︔ ᠳᠥᠷᠪᠡ ᠳᠤ᠂ | ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠨ ᠤᠷᠤᠭᠤᠯᠬᠤ ᠪᠠ ᠠᠰᠢᠬᠯᠠᠨ᠎ᠠ︔ ᠲᠠᠪᠤ ᠳᠤ᠂ ᠠᠵᠤ ᠠᠬᠤᠢ | ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ︔ ᠵᠢᠷᠭᠤᠭ᠎ᠠ ᠳᠤ᠂ | ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠭᠢᠭᠤᠯᠤᠨ᠎ᠠ︔ ᠲᠤᠯᠤᠭ᠎ᠠ ᠳᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ | ᠠᠭᠢᠭᠤᠯᠤᠨ᠎ᠠ︔ ᠨᠠᠢᠮᠠ ᠳᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ | ᠬᠥᠭᠵᠢᠭᠦᠯᠦᠨ᠎ᠡ᠃ | ᠢᠯᠡᠳᠬᠡᠯ ᠳᠤ᠂ ᠯᠢ ᠺᠧ ᠴᠢᠶᠠᠩ ᠪᠠᠰᠠ ᠦᠨᠳᠦᠰᠦᠲᠡᠨ᠂ ᠱᠠᠰᠢᠨ ᠰᠤᠷᠲᠠᠬᠤᠨ ᠪᠣᠯᠣᠨ ᠬᠠᠷᠢᠶᠠᠲᠤ ᠨᠠᠷ ᠤᠨ ᠠᠵᠢᠯ᠂ | ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ᠂ ᠰᠢᠶᠠᠩᠭᠠᠩ᠂ ᠣᠣᠮᠧᠨ ᠤ | ᠬᠥᠭᠵᠢᠯᠲᠡ ᠪᠣᠯᠣᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠯᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ | ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠢ ᠲᠣᠳᠣᠷᠬᠠᠶᠢᠯᠠᠨ ᠥᠭᠦᠯᠡᠵᠡᠢ᠃ | ᠯᠢ ᠺᠧ ᠴᠢᠶᠠᠩ ᠤᠨ ᠢᠯᠡᠳᠬᠡᠯ ᠬᠠᠯᠠᠭᠤᠨ ᠠᠯᠠᠭ᠎ᠠ ᠲᠡᠰᠢᠯᠲᠡ ᠶᠢ ᠣᠯᠪᠠ᠃ | ᠬᠤᠷᠠᠯ ᠤᠨ ᠵᠥᠪᠯᠡᠭᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2023 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ᠂ ᠲᠥᠷᠥ ᠶᠢᠨ ᠶᠠᠪᠤᠳᠠᠯ ᠤᠨ ᠬᠤᠷᠢᠶᠠᠨ ᠤ | 2022 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ | ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2023 ᠣᠨ ᠤ | ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠨ᠎ᠠ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠸᠠᠩ ᠴᠧᠨ ᠬᠠᠤᠯᠢ | ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ᠃ | ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠳᠤ᠂ ᠬᠠᠤᠯᠢ | ᠲᠣᠭᠲᠠᠭᠠᠬᠤ ᠪᠣᠯ ᠤᠯᠤᠰ ᠤᠨ ᠴᠢᠬᠤᠯᠠ ᠤᠯᠤᠰ ᠲᠦᠷᠦ ᠶᠢᠨ ᠠᠵᠢᠯᠯᠠᠭ᠎ᠠ ᠮᠥᠨ᠂ ᠨᠠᠮ ᠤᠨ ᠵᠣᠷᠢᠯᠲᠠ ᠪᠠ ᠠᠷᠠᠳ | ᠲᠦᠮᠡᠨ ᠤ ᠵᠣᠷᠢᠭ ᠰᠠᠨᠠᠭ᠎ᠠ ᠶᠢ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ ᠲᠦᠷᠦ ᠶᠢᠨ ᠵᠣᠷᠢᠭ | ᠰᠠᠨᠠᠭ᠎ᠠ ᠪᠣᠯᠭᠠᠨ ᠬᠤᠪᠢᠷᠠᠭᠤᠯᠬᠤ ᠶᠠᠪᠤᠴᠠ ᠮᠥᠨ᠂ ᠲᠡᠷᠡ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ | ᠪᠦᠭᠦ ᠲᠠᠯ᠎ᠠ ᠳᠤ ᠬᠤᠯᠪᠣᠭᠳᠠᠵᠤ ᠪᠠᠶᠢᠳᠠᠭ᠃ ᠬᠠᠤᠯᠢ ᠲᠣᠭᠲᠠᠭᠠᠬᠤ ᠬᠠᠤᠯᠢ ᠪᠣᠯ ᠤᠯᠤᠰ ᠤᠨ ᠬᠠᠤᠯᠢ ᠲᠣᠭᠲᠠᠭᠠᠬᠤ | ᠳᠦᠷᠢᠮ ᠪᠠ ᠬᠠᠤᠯᠢ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠨᠢᠭᠡᠳᠦᠯ ᠢ | ᠬᠠᠮᠠᠭᠠᠯᠠᠬᠤ ᠦᠨᠳᠦᠰᠦᠨ ᠬᠠᠤᠯᠢ ᠴᠠᠭᠠᠵᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ᠂ ᠪᠦᠭᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠯᠢ | ᠤᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠲᠡᠦᠬᠡᠲᠦ ᠴᠢᠨᠠᠷᠲᠠᠢ ᠠᠮᠵᠢᠯᠲᠠ ᠣᠯᠵᠠᠢ᠃ ᠶᠡᠷᠦᠩᠬᠡᠢ ᠱᠦᠵᠢ ᠰᠢ ᠶᠢᠨ | ᠫᠢᠩ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ | ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠨᠢ ᠰᠢᠨ᠎ᠡ | ᠴᠠᠭ ᠦᠶ᠎ᠡ ᠶᠢᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠲᠣᠭᠲᠠᠭᠠᠬᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ ᠭᠠᠷᠭᠠᠵᠠᠢ᠃ | ᠲᠣᠳᠣᠷᠬᠠᠶᠢᠯᠠᠯᠲᠠ ᠳᠤ᠂ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠳᠤ | ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢᠵᠢᠯ ᠢᠶᠠᠷ | ᠳᠠᠮᠵᠢᠭᠤᠯᠤᠨ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︔ ᠰᠢᠨ᠎ᠡ ᠴᠠᠭ ᠦᠶ᠎ᠡ ᠳᠤ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠠᠤᠯᠢᠵᠢᠯ ᠢᠶᠠᠷ ᠳᠠᠮᠵᠢᠭᠤᠯᠤᠨ ᠠᠷᠠᠳ | ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠬᠤ ᠶᠢᠨ ᠪᠤᠰᠤᠳᠴᠢ ᠱᠠᠭᠠᠷᠳᠠᠯᠭ᠎ᠠ ᠮᠥᠨ︔ ᠰᠢᠨ᠎ᠡ ᠴᠠᠭ ᠦᠶ᠎ᠡ ᠳᠤ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ᠂ | ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ︔ ᠰᠢᠨ᠎ᠡ ᠴᠠᠭ | ᠦᠶ᠎ᠡ ᠳᠤ ᠥᠭᠡᠷᠡᠴᠢᠯᠡᠯᠲᠡ ᠪᠠ ᠬᠠᠤᠯᠢᠵᠢᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠭᠰᠡᠨ ᠦᠢᠯᠡᠳᠦᠯᠭᠡ ᠶᠢᠨ | ᠲᠤᠷᠰᠢᠯᠭ᠎ᠠ ᠶᠢ ᠳ᠋ᠦᠩᠨᠡᠵᠦ᠂ ᠬᠠᠤᠯᠢᠵᠢᠯ ᠤᠨ ᠳᠣᠣᠷ᠎ᠠ ᠥᠭᠡᠷᠡᠴᠢᠯᠡᠯᠲᠡ ᠶᠢ ᠠᠬᠢᠭᠤᠯᠬᠤ ᠪᠠ ᠥᠭᠡᠷᠡᠴᠢᠯᠡᠯᠲᠡ ᠶᠢᠨ ᠳᠤᠮᠳᠠ | ᠬᠠᠤᠯᠢᠵᠢᠯ ᠢ ᠲᠡᠭᠦᠯᠳᠡᠷᠵᠢᠭᠦᠯᠬᠦ ᠶᠢ ᠨᠢᠭᠡᠳᠬᠡᠬᠦ ᠶᠢ ᠨᠡᠩ ᠰᠠᠶᠢᠲᠤᠷ ᠪᠠᠷᠢᠮᠲᠠᠯᠠᠬᠤ ᠶᠢᠨ ᠠᠬᠤᠶᠢᠴᠢ ᠱᠠᠭᠠᠷᠳᠠᠯᠭ᠎ᠠ ᠪᠣᠯᠣᠨ᠎ᠠ᠃ | ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠨᠡᠶᠢᠳᠡ 37 ᠵᠦᠢᠯ ᠪᠠᠶᠢᠨ᠎ᠠ᠃ ᠨᠢᠭᠡ ᠳᠤ᠂ ᠬᠠᠤᠯᠢ | ᠲᠣᠭᠲᠠᠭᠠᠬᠤ ᠵᠢᠯᠤᠭᠤᠳᠬᠤ ᠦᠵᠡᠯ ᠰᠠᠨᠠᠭ᠎ᠠ ᠪᠠ ᠵᠠᠷᠴᠢᠮ ᠢ ᠲᠡᠭᠦᠯᠳᠡᠷᠵᠢᠭᠦᠯᠦᠨ᠎ᠡ︔ ᠬᠤᠶᠠᠷ ᠲᠤ᠂ ᠦᠨᠳᠦᠰᠦᠨ | ᠬᠠᠤᠯᠢ ᠳᠤ ᠨᠡᠶᠢᠴᠡᠭᠦ ᠡᠰᠡᠬᠦ ᠶᠢ ᠬᠢᠨᠠᠨ ᠪᠠᠶᠢᠴᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ᠎ᠠ︔ | ᠭᠤᠷᠪᠠ ᠳᠤ᠂ ᠬᠠᠤᠯᠢ ᠲᠣᠭᠲᠠᠭᠠᠬᠤ ᠰᠢᠢᠳᠪᠦᠷᠢᠲᠦ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠶᠢ | ᠵᠤᠯᠭᠠᠯᠴᠠᠭᠤᠯᠬᠤ᠂ ᠨᠢᠭᠡᠳᠦᠭᠦᠯᠬᠦ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ︔ ᠳᠥᠷᠪᠡ ᠳᠤ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ | ᠡᠷᠬᠡ ᠶᠢᠨ ᠬᠡᠪᠴᠢᠶ᠎ᠡ᠂ ᠬᠠᠤᠯᠢ ᠲᠣᠭᠲᠠᠭᠠᠬᠤ ᠲᠡᠰ ᠳᠠᠷᠠᠭᠠᠯᠠᠯ ᠪᠠ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ︔ | ᠲᠠᠪᠤ ᠳᠤ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠥᠬᠦᠪᠦᠷᠢᠯᠡᠬᠦ ᠴᠢᠬᠤᠯᠠᠲᠠᠢ ᠬᠤᠯᠪᠣᠭᠳᠠᠯ | ᠪᠦᠬᠦᠢ ᠠᠭᠤᠯᠭ᠎ᠠ ᠳᠤ ᠵᠣᠭᠢᠴᠠᠭᠤᠯᠤᠨᠠ︔ ᠵᠢᠷᠭᠤᠭ᠎ᠠ ᠳᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | ᠳᠦᠷᠢᠮ ᠲᠣᠭᠲᠠᠭᠠᠯ ᠤᠨ ᠡᠷᠬᠡ ᠶᠢᠨ ᠬᠡᠪᠴᠢᠶ᠎ᠡ ᠪᠠ ᠲᠠᠰ ᠳᠠᠷᠠᠭᠠᠯᠠᠯ ᠢ ᠲᠡᠭᠦᠯᠳᠡᠷᠵᠢᠭᠦᠯᠦᠨ᠎ᠡ︔ ᠳᠣᠯᠤᠭ᠎ᠠ ᠳᠤ᠂ | ᠳᠡᠩᠰᠡᠯᠡᠵᠦ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ᠎ᠡ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠢ ᠪᠠᠶᠢᠭᠤᠯᠬᠤ ᠲᠤᠬᠠᠢ | ᠲᠣᠭᠲᠠᠭᠠᠯ ᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ ᠡᠷᠭᠢᠯᠡᠭᠴᠢ ᠭᠡᠰᠢᠭᠦᠨ᠂ ᠳᠡᠳ᠋ ᠡᠷᠭᠢᠯᠡᠭᠴᠢ ᠭᠡᠰᠢᠭᠦᠨ᠂ | ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ᠶᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠵᠥᠪᠯᠡᠯ ᠤᠨ ᠡᠷᠭᠢᠯᠡᠭᠴᠢ ᠭᠡᠰᠢᠭᠦᠨ᠂ ᠳᠡᠳ᠋ ᠡᠷᠭᠢᠯᠡᠭᠴᠢ ᠭᠡᠰᠢᠭᠦᠨ᠂ ᠭᠡᠰᠢᠭᠦᠨ ᠤ ᠨᠡᠷᠡᠰ ᠢ ᠪᠠᠲᠤᠯᠠᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ | ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ᠂ ᠳᠡᠳ᠋ ᠡᠷᠭᠢᠯᠡᠭᠴᠢ ᠭᠡᠰᠢᠭᠦᠨ᠂ ᠭᠡᠰᠢᠭᠦᠨ ᠤ ᠨᠡᠷᠡᠰ ᠢ ᠪᠠᠲᠤᠯᠠᠪᠠ᠃ | | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠱᠢ ᠲᠠᠢ | ᠹᠧᠩ᠂ ᠯᠢᠦ ᠾᠧ᠂ ᠯᠢᠦ ᠭᠦᠸᠧ ᠵᠦᠩ᠂ ᠰᠢᠦᠢ ᠴᠢ ᠯᠢᠶᠠᠩ᠂ ᠰᠦᠨ ᠴᠦᠨ ᠯᠠᠨ᠂ ᠯᠢ ᠱᠤ᠋ ᠯᠧᠢ᠂ ᠶᠠᠩ ᠰᠢᠶᠣᠣ ᠳ᠋ᠦ᠋ | ᠂ ᠾᠧ ᠸᠧᠢ ᠳ᠋ᠦᠩ᠂ ᠾᠧ ᠯᠢ ᠹᠧᠩ᠂ ᠵᠠᠩ ᠶᠢᠦ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ | ᠂ ᠴᠧᠨ ᠮᠢᠨ ᠡᠯ᠂ ᠬᠤ᠋ ᠴᠦᠨ ᠬᠤᠸᠠ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ | ᠰᠢᠶᠣᠣ ᠬᠤᠩ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ | · ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ ᠪᠠᠳᠮᠠᠫᠷᠠᠩᠯᠠᠢ᠂ ᠸᠧᠢ ᠹᠧᠩ ᠾᠧ᠂ ᠸᠠᠩ ᠶᠦᠩ᠂ ᠵᠣᠣ ᠺᠧ ᡁᠢ᠂ | ᠵᠧᠦ ᠴᠢᠶᠠᠩ᠂ ᠵᠠᠩ ᠵᠢᠶᠦ᠋ᠨ᠂ ᠯᠢᠦ ᠴᠢ ᠪᠦᠦ᠂ ᠫᠠᠪᠠᠯᠠ · ᠭᠧᠯᠤᠭ᠍ᠨᠡᠮᠵᠢᠯ᠂ ᠸᠠᠨ ᠭᠠᠩ᠂ ᠾᠧ ᠾᠧᠦ ᠬᠤᠸᠠ᠂ ᠯᠦ ᠵᠠᠨ | ᠭᠦᠩ᠂ ᠮᠠ ᠪᠢᠶᠣᠣ᠂ ᠴᠧᠨ ᠰᠢᠶᠣᠣ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠶᠠᠩ ᠴᠤᠸᠠᠨ ᠲᠠᠩ᠂ ᠯᠢ | ᠪᠢᠨ᠂ ᠪᠠᠭᠠᠲᠤᠷ᠂ ᠸᠠᠩ ᠶᠦᠩ ᠴᠢᠩ᠂ ᠰᠦ᠋ ᠬᠤᠶ᠂ ᠭᠦ᠋ ᠱᠸᠡᠭ ᠽᠦ᠂ ᠯᠢᠦ ᠰᠢᠨ ᠴᠧᠩ᠂ ᠱᠤᠤ ᠬᠤᠩ᠂ ᠭᠤᠤ ᠶᠦᠨ | ᠯᠦᠩ᠂ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠱᠠᠩ ᠹᠦ᠋᠂ ᠯᠢᠦ ᠵᠧᠨ ᠯᠢ᠂ ᠮᠢᠶᠣᠣ | ᠬᠤᠸᠠ᠂ ᠵᠠᠩ ᠱᠧᠩ ᠮᠢᠨ ᠨᠠᠷ ᠪᠤᠢ᠃ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ ᠰᠤᠯᠠ | ᠣᠷᠣᠯᠴᠠᠬᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ᠃ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ | ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠭᠦᠮ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ ᠬᠤᠷᠠᠯ ᠢ ᠰᠤᠯᠠ | ᠰᠣᠨᠣᠰᠴᠠᠢ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠪᠠ᠃ | |