3 ᠳ᠋ᠤᠭᠠᠷ ᠰᠠᠷ᠎ᠠ ᠶᠢᠨ 31 ᠤ ᠡᠳᠦᠷ᠂ ᠨᠡᠶᠢᠲᠡ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ | ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠹᠣᠰᠹᠣᠷ ᠵᠤᠭᠠᠩ ᠢ ᠶᠡᠷᠦᠩᠬᠡᠶᠢᠯᠡᠨ ᠠᠰᠢᠭᠯᠠᠵᠤ ᠵᠢᠯ ᠳᠤ 3500 ᠲᠦᠮᠡᠨ ᠲᠡᠭᠰᠢ ᠳᠥᠷᠪᠡᠯᠵᠢᠨ ᠮᠧᠲᠷ ᠤᠨ | ᠴᠠᠭᠠᠰᠤᠨ ᠭᠠᠳᠠᠷᠲᠤ ᠵᠤᠭᠠᠩ ᠤᠨ ᠬᠠᠪᠲᠠᠰᠤ ᠥᠢᠯᠡᠳᠪᠥᠷᠢᠯᠡᠬᠦ ᠲᠥᠰᠥᠯ ᠪᠡᠶᠡᠯᠡᠭᠳᠡᠪᠡ ᠃ ᠲᠤᠰ ᠲᠥᠰᠥᠯ ᠨᠢ | ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠤᠸᠠᠨ ᠪᠦᠦ ᠱᠠᠨ ᠠᠵᠤ ᠦᠢᠯᠡᠰ ᠤᠨ | ᠬᠦᠷᠢᠶᠡᠯᠡᠩ ᠳᠤ ᠪᠠᠶᠢᠷᠢᠯᠠᠵᠤ ᠂ 100 ᠮᠦ ᠭᠠᠵᠠᠷ ᠢ ᠡᠵᠡᠯᠡᠵᠦ ᠂ ᠭᠤᠣᠯᠳᠠᠭᠤ ᠪᠦᠲᠦᠭᠡᠭᠳᠡᠬᠦᠨ ᠤ ᠬᠥᠮᠥᠷᠭᠡ ᠂ | ᠦᠢᠯᠡᠳᠪᠦᠷᠢᠯᠡᠯ ᠤᠨ ᠲᠠᠰᠤᠭ ᠂ ᠵᠤᠭᠠᠩ ᠬᠠᠪᠲᠠᠰᠤᠲᠤ ᠬᠠᠯᠠᠭᠤᠨ ᠠᠭᠠᠷ ᠤᠨ ᠵᠤᠤᠬ᠎ᠠ ᠵᠡᠷᠭᠡ ᠪᠤᠰᠤᠳ ᠲᠤᠰᠠᠯᠠᠬᠤ | ᠲᠥᠬᠦᠭᠡᠷᠦᠮᠵᠢ ᠵᠢᠴᠢ ᠰᠢᠨ᠎ᠡ ᠪᠠᠷ ᠪᠠᠶᠢᠭᠤᠯᠤᠭᠰᠠᠨ ᠲᠥᠬᠦᠭᠡᠷᠦᠮᠵᠢ ᠶᠢ 331 ᠢᠵᠢ ᠪᠠᠶᠢᠭᠤᠯᠵᠠᠢ ᠃ ᠣᠳᠣᠬᠠᠨ ᠳᠤ | ᠲᠣᠰ ᠲᠥᠰᠥᠯ ᠢ ᠨᠢᠭᠡᠨᠲᠡ ᠪᠡᠶᠡᠯᠡᠭᠦᠯᠵᠦ᠂ ᠶᠠᠭ ᠰᠠᠶᠢᠬᠠᠨ ᠲᠣᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ | ᠪᠣᠶ ᠂ ᠵᠢᠱᠢᠯᠲᠡ ᠪᠠᠷ 5 ᠰᠠᠷ᠎ᠠ ᠠᠴᠠ ᠡᠬᠢᠯᠡᠨ ᠲᠤᠷᠰᠢᠨ ᠦᠢᠯᠡᠳᠪᠦᠷᠢᠯᠡᠨ᠎ᠡ᠃ ᠲᠥᠰᠥᠯ ᠨᠢ ᠦᠢᠯᠡᠳᠪᠦᠷᠢᠯᠡᠯ ᠳᠤ | ᠣᠷᠣᠭᠰᠠᠨ ᠤ ᠳᠠᠷᠠᠭ᠎ᠠ᠂ ᠵᠢᠯ ᠳᠤ 1 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ᠂ 3000 ᠭᠠᠷᠤᠢ | ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 50 ᠭᠠᠷᠤᠢ ᠬᠥᠮᠥᠨ ᠤ ᠠᠵᠢᠯ ᠣᠯᠭᠤᠯᠲᠠ ᠶᠢ | ᠳᠠᠶᠢᠴᠢᠯᠠᠨ᠎ᠠ᠃ | |