ᠵᠠᠩ ᡁᠢ ᠸᠧᠢ ᠣᠶ ᠰᠢᠭᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢᠨ ᠬᠠᠮᠲᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/4/10
    3 ᠰᠠᠷ᠎ᠠ ᠶᠢᠨ 30᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ ᠣᠶ ᠰᠢᠭᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠪᠥᠭᠡᠳ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠪᠠᠯᠭᠠᠰᠤᠨ ᠤ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠫᠢᠩᠵᠤᠸᠠᠩ ᠪᠠᠯᠭᠠᠰᠤᠨ ᠤ ᠰᠢᠩ ᠯᠦᠩ ᠵᠤᠸᠠᠩ ᠲᠣᠰᠬᠤᠨ ᠤ ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠂ ᠰᠢᠩ ᠯᠦᠩ ᠤᠯᠤᠰ ᠤᠨ ᠤᠢ ᠰᠢᠭᠤᠢ ᠶᠢᠨ ᠴᠡᠴᠡᠷᠯᠢᠭ ᠂ ᠶᠤᠸᠠᠨ ᠪᠦᠦ ᠱᠠᠨ ᠪᠠᠯᠭᠠᠰᠤᠨ ᠤ ᠮᠦ ᠲᠧᠦ ᠭᠧᠦ ᠲᠣᠰᠬᠤᠨ ᠤ ᠰᠧ ᠳ᠋ᠣᠣ ᠭᠤᠤ ᠶᠢᠨ ᠬᠢᠷ᠎ᠠ ᠶᠢᠨ ᠣᠷᠤᠢ ᠳᠤ᠂ ᠵᠠᠩ ᡁᠢ ᠸᠧᠢ ᠲᠦᠢᠮᠡᠷ ᠢ ᠰᠡᠷᠭᠡᠶᠢᠯᠡᠬᠦ ᠤᠬᠠᠭᠤᠯᠭ᠎ᠠ ᠂ ᠲᠦᠢᠮᠡᠷ ᠤᠨ ᠡᠬᠢ ᠭᠠᠯ ᠤᠨ ᠲᠦᠷᠦᠯ ᠢ ᠬᠠᠮᠢᠶᠠᠷᠤᠨ ᠡᠵᠡᠮᠳᠡᠬᠦ ᠂ ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠣᠶᠢᠷ᠎ᠠ ᠶᠢᠨ ᠬᠤᠭᠤᠴᠠᠭᠠᠨ ᠳᠤ ᠠᠭᠤᠷ ᠠᠮᠢᠰᠬᠤᠯ ᠳᠤᠯᠠᠭᠠᠷᠠᠵᠤ᠂ ᠶᠡᠭᠡ ᠰᠠᠯᠬᠢ ᠰᠠᠯᠬᠢᠯᠠᠵᠤ᠂ ᠢᠯᠠᠩᠭᠤᠶ᠎ᠠ ᠬᠠᠩᠰᠢ ᠶᠢᠨ ᠡᠳᠦᠷ ᠣᠶᠢᠷᠠᠳᠴᠤ ᠪᠠᠶᠢᠭ᠎ᠠ ᠦᠶ᠎ᠡ ᠳᠤ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠨᠡᠩ ᠬᠡᠴᠡᠭᠦᠦ ᠪᠣᠯᠵᠤ ᠪᠠᠶᠢᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠂ ᠪᠠᠯᠭᠠᠰᠤ ᠰᠢᠶᠠᠩ ᠪᠦᠬᠦ ᠬᠤᠳᠠ ᠶᠢᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠯ ᠤᠨᠲᠠᠷᠠᠭᠠᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠭᠤᠶᠢᠲᠤ ᠣᠷᠣᠨ ᠳᠤ ᠣᠷᠣᠬᠤ ᠬᠥᠮᠥᠰ ᠪᠣᠯᠣᠨ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ ᠂ ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠬᠢᠨᠠᠨ  ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠬᠥᠮᠥᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠤᠢ ᠰᠢᠭᠤᠢ ᠶᠢᠨ ᠭᠠᠯ ᠢ ᠰᠡᠷᠭᠡᠶᠢᠯᠡᠬᠦ ︽ ᠠᠮᠤᠷ ᠲᠦᠪᠰᠢᠨ ᠤ ᠲᠣᠣᠷ ︾᠎ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ ᠃ ᠲᠤᠰᠬᠠᠢ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯᠲᠠᠨ ᠢ ᠠᠵᠢᠯ ᠤᠨ ᠪᠠᠶᠢᠷᠢ ᠳᠤ ᠪᠠᠶᠢᠯᠭᠠᠬᠤ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ᠂ ᠡᠮᠬᠢ ᠵᠢᠷᠤᠮ ᠲᠠᠢ ᠲᠣᠬᠢᠷᠠᠭᠤᠯᠬᠤ᠂ ᠵᠣᠬᠢᠰᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ ᠪᠠᠶᠢᠭᠠᠳ ᠭᠠᠯ ᠤᠨᠲᠠᠷᠠᠭᠠᠵᠤ᠂ ︽ ᠡᠷᠲᠡ ᠤᠨᠲᠠᠷᠠᠭᠠᠬᠤ ᠂ ᠪᠠᠭ᠎ᠠ ᠳᠤᠨᠢ ᠤᠨᠲᠠᠷᠠᠭᠠᠬᠤ ᠂ ᠤᠨᠲᠠᠷᠠᠭᠠᠵᠤ ᠳᠡᠶᠢᠯᠬᠦ︾᠎ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠤᠨ ᠲᠤᠬᠠᠢ ᠤᠬᠠᠭᠤᠯᠭ᠎ᠠ ᠶᠢ ᠪᠦᠬᠦ ᠲᠠᠯ᠎ᠠ ᠪᠠᠷ ᠂ ᠤᠯᠠᠨ ᠠᠷᠭ᠎ᠠ ᠵᠠᠮ ᠂ ᠤᠯᠠᠨ ᠬᠡᠯᠪᠡᠷᠢ ᠪᠠᠷ ᠥᠷᠨᠢᠭᠦᠯᠵᠦ ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠳᠤ ᠣᠷᠣᠯᠴᠠᠭᠤᠯᠵᠤ ᠂ ᠪᠦᠬᠦ ᠠᠷᠠᠳ ᠢᠶᠠᠷ ᠢᠶᠠᠨ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠤᠤᠬ᠎ᠠ ᠶᠢᠨ ᠭᠤᠣᠯ ᠤᠨ ᠮᠤᠬᠤᠷ ᠭᠤᠣᠯ ᠪᠠᠯᠭᠠᠰᠤᠨ ᠤ ᠬᠡᠰᠡᠭ ᠂  ᠯᠤᠤᠬ᠎ᠠ ᠶᠢᠨ ᠭᠤᠣᠯ ᠤᠨ ᠰᠢᠩ ᠯᠦᠩ ᠫᠦᠸᠧ ᠤᠰᠤᠨ ᠰᠢᠨᠵᠢᠯᠡᠭᠡᠨ ᠤ ᠦᠷᠳᠡᠭᠡ ᠶᠢᠨ ᠬᠡᠰᠡᠭ ᠲᠤ ᠂ ᠵᠠᠩ ᡁᠢ ᠸᠧᠢ ᠭᠤᠣᠯ ᠳᠠᠭᠠᠤ ᠵᠠᠰᠠᠯᠲᠠ ᠂ ᠬᠠᠮᠢᠶᠠᠷᠤᠯᠲᠠ ᠬᠠᠮᠠᠭᠠᠯᠠᠯᠲᠠ ᠂ ᠭᠤᠣᠯ ᠤᠨ ᠵᠠᠮ ᠤᠨ ᠣᠷᠴᠢᠨ ᠲᠣᠭᠤᠷᠢᠨ ᠵᠡᠷᠭᠡ ᠪᠠᠶᠢᠳᠠᠯ ᠢ ᠪᠠᠶᠢᠴᠠᠭᠠᠨ ᠦᠵᠡᠪᠡ ᠃ ᠲᠡᠷᠡ ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠣᠭᠤᠷᠢᠨ ᠪᠠᠶᠢᠴᠠᠭᠠᠬᠤ ᠂ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ ᠂ ᠤᠰᠤᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠤᠰᠤᠨ ᠤ ᠴᠢᠨᠠᠷ ᠢ ᠬᠢᠨᠠᠨ ᠪᠠᠶᠢᠴᠠᠭᠠᠵᠤ ᠵᠠᠳᠠᠯᠤᠯᠲᠠ ᠬᠢᠬᠦ ᠶᠢ ᠴᠢᠩᠭᠠᠳᠬᠠᠵᠤ ᠂ ᠤᠰᠤᠨ ᠤ ᠴᠢᠨᠠᠷ ᠤᠨ ᠬᠤᠪᠢᠷᠠᠯᠲᠠ ᠳᠤ ᠴᠢᠭᠯᠡᠭᠦᠯᠦᠨ᠂ ᠰᠢᠯᠲᠠᠭᠠᠨ ᠢ ᠨᠢ ᠴᠠᠭ ᠲᠤᠬᠠᠢ ᠳᠤᠨᠢ ᠵᠠᠳᠠᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠂ ᠵᠠᠩ ᡁᠢ ᠸᠧᠢ ︽ ᠭᠤᠷᠪᠠ ᠶᠢ ᠨᠢᠭᠡ ᠴᠣᠭᠴᠠᠵᠢᠭᠤᠯᠬᠤ ︾ ᠂ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠠᠵᠢᠯ ᠳᠤ ᠪᠠᠶᠢᠷᠢᠯᠠᠭᠤᠯᠤᠯᠲᠠ ᠬᠢᠵᠦ ᠂ ᠮᠦ ᠲᠧᠦ ᠭᠧᠦ ᠲᠣᠰᠬᠤᠨ ᠤ ᠬᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ ᠂ ᠪᠦᠲᠦᠮᠵᠢᠲᠡᠢ ᠰᠠᠶᠢᠨ ᠲᠤᠷᠰᠢᠯᠭ᠎ᠠ ᠂ ᠰᠠᠶᠢᠨ ᠠᠷᠭ᠎ᠠ ᠬᠢᠳᠡᠯ ᠢ ᠴᠠᠭ ᠲᠤᠬᠠᠢ ᠎ ᠳᠤᠨᠢ ᠳ᠋ᠦᠩᠨᠡᠨ ᠳᠡᠯᠭᠡᠷᠡᠭᠦᠯᠵᠦ ᠂ ︽ ᠭᠤᠷᠪᠠ ᠶᠢ ᠨᠢᠭᠡ ᠴᠣᠭᠴᠠᠵᠢᠭᠤᠯᠬᠤ ︾ ᠥᠭᠡᠷᠡᠴᠢᠯᠡᠯᠲᠡ ᠶᠢᠨ ᠠᠵᠢᠯ ᠳᠤ ᠦᠨᠡᠨ ᠬᠦ ᠦᠷ᠎ᠡ ᠪᠦᠲᠦᠮᠵᠢ ᠂ ᠬᠢᠯᠠᠰ ᠴᠡᠭ ᠭᠠᠷᠭᠠᠬᠤ ᠬᠡᠷᠡᠭᠲᠡᠢ ᠭᠡᠵᠦ ᠱᠠᠭᠠᠷᠳᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1