ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠣᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/10
    3 ᠰᠠᠷ᠎ᠠ ᠶᠢᠨ 31᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠣᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠴᠢᠨ ᠶᠠᠨ ᠳ᠋ᠦᠩ᠂ ᠯᠢᠦ ᠱᠤᠸᠠᠩ᠂ ᠶᠢᠨ ᠮᠢᠩ᠂ ᠶᠢᠨ ᠲᠧᠩ ᠵᠢᠶᠣᠣ ᠬᠤᠷᠠᠯ ᠳᠤ ᠣᠷᠣᠯᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ︾ ᠂ ︽ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ︾ ᠎ ᠶᠢ ᠰᠤᠷᠤᠯᠴᠠᠵᠤ ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ ᠪᠦᠬᠦ ᠨᠠᠮ ᠢᠶᠠᠷ ᠢᠶᠠᠨ ᠶᠡᠬᠡᠪᠡᠷ ᠪᠠᠶᠢᠴᠠᠭᠠᠨ ᠰᠤᠳᠤᠯᠤᠯᠲᠠ ᠬᠢᠬᠦ ᠲᠤᠬᠠᠢ ᠠᠵᠢᠯ ᠤᠨ ᠲᠥᠰᠥᠯ ︾ ᠂ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠤᠨ ᠥᠪᠥᠷ ᠮᠣᠩᠭᠤᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ᠃    ᠬᠤᠷᠠᠯ ᠠᠴᠠ ᠂ ᠣᠶᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠭᠤᠣᠯᠳᠠᠯᠭ᠎ᠠ ᠲᠠᠢ ᠠᠵᠢᠯ ᠲᠦᠷᠦᠯ ᠂ ᠭᠤᠣᠯᠳᠠᠯᠭ᠎ᠠ ᠲᠠᠢ ᠴᠠᠭ ᠬᠤᠭᠤᠴᠠᠭ᠎ᠠ ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠂ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠳᠠᠭᠠᠭᠠᠴᠢᠯᠠᠭᠰᠠᠨ ᠪᠠᠯᠭᠠᠰᠤ ᠰᠢᠶᠠᠩ ᠳᠤ ᠪᠠᠨ ᠭᠦᠨᠵᠡᠭᠡᠶᠢᠷᠡᠨ ᠰᠢᠮᠳᠠᠭᠤᠯᠤᠨ ᠪᠠᠶᠢᠴᠠᠭᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠠᠭᠤᠯᠠᠨ ᠳᠤ ᠣᠷᠣᠵᠤ ᠣᠶ ᠰᠢᠭᠤᠢ ᠳᠤ ᠣᠷᠣᠬᠤ ᠪᠣᠭᠤᠮᠲᠠ ᠶᠢ ᠰᠠᠬᠢᠵᠤ ᠪᠠᠶᠢᠴᠠᠭᠠᠬᠤ ᠶᠢ ᠴᠢᠩᠭᠠᠳᠬᠠᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠨ᠂ ᠣᠶ ᠰᠢᠭᠤᠢ ᠶᠢᠨ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠶ᠎ᠠ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ ᠪᠦᠬᠦᠨ ᠢ ᠣᠶᠢᠯᠠᠭᠠᠨ ᠪᠠᠶᠢᠴᠠᠭᠠᠵᠤ᠂ ᠭᠠᠯ ᠤᠨ ᠭᠠᠮᠰᠢᠭ ᠡᠭᠦᠰᠦᠭᠰᠡᠨ ᠰᠢᠯᠲᠠᠭᠠᠨ ᠢ ᠭᠦᠨᠵᠡᠭᠡᠢ ᠲᠤᠩᠭᠠᠨ ᠪᠣᠳᠣᠯᠬᠢᠯᠠᠵᠤ᠂ ᠪᠠᠭᠤᠷᠠᠢ ᠲᠠᠯ᠎ᠠ ᠪᠠᠨ ᠣᠨᠣᠪᠴᠢᠲᠠᠶ ᠡᠷᠢᠨ ᠣᠯᠵᠤ᠂ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠭᠡᠮ ᠰᠤᠭᠤᠭ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ᠃ ᠢᠳᠡᠭᠡᠨ ᠤᠮᠳᠠᠭᠠᠨ ᠤ ᠦᠢᠯᠡᠴᠢᠯᠡᠭᠡᠨ ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠣᠨ ᠮᠢᠬ᠎ᠠ ᠥᠨᠳᠡᠭᠡ ᠰᠥ᠂ ᠠᠮᠤ ᠭᠤᠯᠢᠷ ᠲᠣᠰᠣ ᠂ ᠵᠢᠮᠢᠰ ᠢᠳᠡᠰᠢᠨ ᠨᠣᠭᠤᠭ᠎ᠠ ᠵᠡᠷᠭᠡ ᠡᠯᠪᠡᠭ ᠢᠳᠡᠭᠡᠨ ᠢ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠳᠬᠠᠵᠤ ᠂ ᠠᠷᠠᠳ ᠤᠯᠠᠨ ᠤ ︽ ᠢᠳᠡᠭᠡᠨ ᠤᠮᠳᠠᠭᠠᠨ ᠤ ᠠᠮᠤᠷ ᠲᠦᠪᠰᠢᠨ ︾᠎ ᠢ ᠦᠨᠡᠨ ᠬᠦ ᠪᠠᠲᠤᠯᠠᠬᠤ ᠬᠡᠷᠡᠭᠲᠡᠢ ᠃ ᠪᠠᠭᠰᠢ ᠶᠢᠨ ᠰᠤᠷᠲᠠᠯ ᠪᠠᠭᠰᠢ ᠶᠢᠨ ᠶᠣᠰᠣ ᠰᠤᠷᠲᠠᠬᠤᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠴᠢᠩᠭᠠᠳᠬᠠᠬᠤ ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠵᠡᠷᠭᠡ ᠲᠠᠯ᠎ᠠ ᠪᠠᠷ ᠴᠢᠩᠭ᠎ᠠ ᠠᠳᠬᠤᠵᠤ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾᠎ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ᠂ ᠵᠣᠯ ᠵᠢᠷᠭᠠᠯᠲᠤ ᠶᠤᠸᠠᠨ ᠪᠤᠥ ᠱᠠᠨ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠴᠢᠭᠯᠡᠯ ᠢᠶᠠᠨ ᠣᠨᠣᠪᠴᠢᠲᠠᠶ ᠡᠷᠢᠵᠦ᠂ ᠰᠡᠳᠦᠪ ᠢᠶᠠᠨ ᠰᠠᠶᠢᠲᠤᠷ ᠰᠣᠩᠭᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠦᠨᠡᠨ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠠᠷᠭᠠᠴᠠᠬᠤ ᠪᠣᠳᠣᠯᠭ᠎ᠠ ᠪᠠᠨ ᠪᠣᠳᠠᠲᠠᠢ ᠪᠠᠷ ᠳᠤᠷᠠᠳᠤᠨ ᠭᠠᠷᠭᠠᠬᠤ ᠬᠡᠷᠡᠭᠲᠡᠢ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ  ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠠᠶᠢᠴᠠᠭᠠᠨ ᠰᠤᠳᠤᠯᠤᠯᠲᠠ ᠥᠷᠨᠢᠭᠦᠯᠬᠦ ᠠᠵᠢᠯ ᠤᠨ ᠴᠠᠭ ᠤᠨ ᠬᠦᠰᠦᠨᠦᠭᠲᠦ᠂ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠪᠠᠶᠢᠴᠠᠭᠠᠨ ᠰᠤᠳᠤᠯᠤᠯᠲᠠ ᠬᠢᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠴᠠᠭᠠᠨ ᠰᠤᠳᠤᠯᠤᠯᠲᠠ ᠬᠢᠬᠦ ᠶᠢ ᠨᠠᠮ ᠤᠨ ᠭᠡᠰᠢᠭᠦᠨ ᠺᠠᠳ᠋ᠷᠴᠤᠳ ᠤᠨ ᠪᠠᠶᠢᠩᠭᠤ ᠶᠢᠨ ᠴᠢᠨᠠᠷᠲᠠᠢ ᠠᠵᠢᠯ ᠪᠣᠯᠭᠠᠬᠤ ᠬᠡᠷᠡᠭᠲᠡᠢ  ᠭᠡᠵᠦ ᠱᠠᠭᠠᠷᠳᠠᠵᠠᠢ᠃ᠬᠤᠷᠠᠯ ᠠᠴᠠ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠣᠳᠠᠲᠠᠢ ᠱᠠᠭᠠᠷᠳᠠᠯᠭ᠎ᠠ ᠶᠢ ᠨᠠᠷᠢᠨ ᠡᠵᠡᠮᠳᠡᠵᠦ ᠂ ᠡᠯ᠎ᠡ ᠪᠠᠯᠭᠠᠰᠤ ᠰᠢᠶᠠᠩ ᠵᠡᠭᠡᠯᠢ ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠬᠤᠳᠠᠯᠳᠤᠨ ᠠᠪᠬᠤ ᠶᠠᠪᠤᠴᠠ ᠶᠢ ᠵᠢᠷᠤᠮᠵᠢᠭᠤᠯᠬᠤ ᠶᠢ ᠱᠠᠯᠠᠪᠳᠠᠭᠤᠯᠵᠤ ᠂ ᠬᠤᠳᠠᠯᠳᠤᠨ ᠠᠪᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ ᠂ ᠬᠤᠳᠠᠯᠳᠤᠨ ᠠᠪᠬᠤ ᠠᠵᠢᠯ ᠤᠨ ᠡᠯ᠎ᠡ ᠭᠤᠭᠴᠤᠭ᠎ᠠ ᠂ ᠪᠦᠬᠦ ᠶᠠᠪᠤᠴᠠ ᠶᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠴᠢᠨᠠᠷ ᠰᠠᠶᠢᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1