ᠶᠤᠸᠠᠨ ᠪᠦᠦ ᠱᠠᠨ ᠲᠣᠭᠤᠷᠢᠭ ᠤᠨ ᠠᠩᠬᠠᠨ ᠤ ᠪᠦᠯᠦᠭ ︽ᠤᠯᠠᠭᠠᠨᠬᠠᠳᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠵᠢᠱᠢᠶ᠎ᠡ ᠦᠵᠡᠭᠦᠯᠬᠦ ᠴᠡᠭ︾᠎ ᠤᠨ ᠫᠠᠶᠢᠰᠠ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/4/11
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠶᠢᠳᠠᠯᠭ᠎ᠠ ᠪᠠᠷ᠂ ᠶᠤᠸᠠᠨ ᠪᠦᠦ ᠱᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠎ ᠨᠢ ᠠᠩᠬᠠᠨ ᠤ ᠪᠦᠯᠦᠭ ︽ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠥᠢᠯᠡᠴᠢᠯᠡᠭᠡ ᠶᠢ ᠳᠣᠷᠣᠭᠰᠢ ᠪᠠᠭᠤᠯᠭᠠᠬᠤ ᠵᠢᠱᠢᠶ᠎ᠡ ᠦᠵᠡᠭᠦᠯᠬᠦ ᠴᠡᠭ ︾᠎ ᠢᠶᠠᠷ ᠦᠨᠡᠯᠡᠭᠳᠡᠭᠰᠡᠨ ᠫᠢᠩᠵᠤᠸᠠᠩ ᠪᠠᠯᠭᠠᠰᠤ᠂ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ᠂ ᠬᠥᠩ ᠭᠧ ᠶᠢᠩᠽᠢ ᠲᠣᠰᠬᠤᠨ᠂ ᠶᠢᠨ ᠾᠧ ᠨᠡᠶᠢᠭᠡᠮ ᠲᠣᠭᠤᠷᠢᠭ ᠤᠨ ᠳᠥᠷᠪᠡᠨ ᠦᠨᠳᠦᠰᠦᠨ ᠱᠠᠲᠤᠨ ᠤ ᠦᠢᠯᠡᠴᠢᠯᠡᠭᠡᠨ ᠤ ᠴᠡᠭ ᠲᠤ ᠫᠠᠶᠢᠰᠠ ᠣᠯᠭᠤᠪᠠ᠃    ᠫᠠᠶᠢᠰᠠ ᠣᠯᠭᠤᠬᠤ ᠶᠣᠰᠣᠯᠠᠯ ᠳᠡᠭᠡᠷ᠎ᠡ᠂ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠡᠨᠡᠬᠦ ᠢᠷᠠᠭᠤ ᠠᠯᠳᠠᠷ ᠢ ᠭᠥᠷᠳᠡᠭᠰᠡᠨ ᠦᠨᠳᠦᠰᠦᠨ ᠱᠠᠲᠤᠨ ᠤ ᠦᠢᠯᠡᠴᠢᠯᠡᠭᠡᠨ ᠤ ᠴᠡᠭ ᠲᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ᠂ ᠫᠠᠶᠢᠰᠠ ᠣᠯᠭᠤᠭᠰᠠᠨ ᠳᠥᠷᠪᠡᠨ ᠨᠢᠭᠡᠴᠢ ᠶᠢᠨ ᠢᠳᠡᠪᠬᠢᠲᠡᠢ ᠬᠠᠮᠵᠢᠯᠴᠠᠭ᠎ᠠ ᠪᠠ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ ᠤᠯᠠᠨ ᠢ ᠢᠷᠠᠭᠤ ᠠᠯᠳᠠᠷ ᠢᠶᠠᠨ ᠨᠠᠨᠳᠢᠩᠨᠠᠵᠤ ᠂ ᠢᠷᠠᠭᠤ ᠠᠯᠳᠠᠷ ᠢᠶᠠᠷ ᠬᠥᠳᠡᠯᠭᠡᠭᠦ ᠬᠦᠴᠦᠨ ᠪᠣᠯᠭᠠᠵᠤ ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠪᠠᠲᠤᠳᠬᠠᠨ ᠳᠡᠭᠡᠭᠰᠢᠯᠡᠭᠦᠯᠵᠦ ᠂ ᠤᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠨᠡᠩ ᠳᠥᠭᠦᠮ ᠳᠥᠲᠡ ᠥᠨᠳᠥᠷ ᠪᠦᠲᠦᠮᠵᠢᠲᠡᠢ ᠦᠢᠯᠡᠴᠢᠯᠡᠭᠡ ᠶᠢ ᠴᠠᠭ ᠢᠮᠠᠭᠲᠠ ᠣᠶᠢᠷ᠎ᠠ ᠬᠠᠪᠢ ᠎ ᠳᠤ ᠨᠢ ᠬᠦᠷᠲᠡᠭᠡᠵᠦ ᠂ ᠢᠮᠠᠭᠲᠠ ᠡᠮᠦᠨ᠎ᠡ ᠡᠩᠨᠡᠭᠡᠨ ᠳᠤ ᠬᠤᠰᠢᠭᠤᠷᠠᠬᠤ ᠬᠡᠪ ᠳᠠᠭᠤᠷᠢᠶᠠᠯ ᠪᠣᠯᠵᠤ ᠂ ᠴᠡᠭ ᠢᠶᠠᠷ ᠨᠡᠶᠢᠳᠡᠮ ᠢ ᠳᠠᠶᠢᠴᠢᠯᠠᠬᠤ ᠰᠠᠴᠤᠷᠠᠭ ᠤᠨ ᠦᠢᠯᠡᠳᠦᠯ ᠢ ᠪᠤᠢ ᠪᠣᠯᠭᠠᠵᠤ ᠂ ᠪᠦᠬᠦ ᠲᠣᠭᠤᠷᠢᠭ ᠤᠨ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠦᠨᠳᠦᠰᠦᠨ ᠱᠠᠲᠤᠨ ᠤ ᠦᠷᠳᠡᠭᠡ ᠴᠡᠭ ᠤᠨ ᠰᠤᠷᠤᠯᠴᠠᠯᠭ᠎ᠠ ᠶᠢᠨ ᠵᠢᠱᠢᠶᠡᠴᠢ ᠪᠣᠯᠬᠤ ᠬᠡᠷᠡᠭᠲᠡᠢ ᠭᠡᠵᠦ ᠵᠣᠷᠢᠭᠵᠢᠭᠤᠯᠪᠠ ᠃    ᠮᠣᠬᠤᠷ ᠭᠤᠣᠯ ᠪᠠᠯᠭᠠᠰᠤ᠂ ᠫᠢᠩᠵᠤᠸᠠᠩ ᠪᠠᠯᠭᠠᠰᠤ᠂ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠵᠢᠴᠢ ᠶᠢᠨ ᠾᠧ ᠨᠡᠶᠢᠭᠡᠮ ᠲᠣᠭᠤᠷᠢᠭ᠂ ᠬᠥᠩ ᠭᠧ ᠶᠢᠩᠽᠢ ᠲᠣᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1