ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠵᠤ ᠠᠬᠤᠶᠢᠯᠠᠯ ᠤᠨ ᠭᠠᠵᠠᠷ ᠬᠡᠷᠡᠭᠯᠡᠬᠦ ᠳᠤ ᠬᠠᠪᠰᠤᠷᠤᠯᠭ᠎ᠠ ᠪᠣᠯᠵᠤ᠂ ᠭᠤᠣᠯᠳᠠᠯᠭ᠎ᠠ ᠲᠠᠢ ᠲᠥᠰᠥᠯ ᠤᠨ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠳᠠᠬᠢᠨ ᠲᠦᠷᠭᠡᠳᠬᠡᠬᠦ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/4/11
    ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠵᠤ ᠠᠬᠤᠶᠢᠯᠠᠯ ᠤᠨ ᠭᠠᠵᠠᠷ ᠬᠡᠷᠡᠭᠯᠡᠬᠦ ᠳᠤ ᠬᠠᠪᠰᠤᠷᠤᠯᠭ᠎ᠠ ᠪᠣᠯᠵᠤ᠂ ᠭᠤᠣᠯᠳᠠᠯᠭ᠎ᠠ ᠲᠠᠢ ᠲᠥᠰᠥᠯ ᠤᠨ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠳᠠᠬᠢᠨ ᠲᠦᠷᠭᠡᠳᠬᠡᠬᠦ ᠳᠤ ᠬᠦᠴᠦᠨ ᠨᠡᠮᠡᠷᠢᠯᠡᠵᠦ ᠪᠠᠶᠢᠨ᠎ᠠ᠃ ᠲᠥᠰᠥᠯ ᠢ ᠲᠥᠯᠦᠪᠵᠢᠭᠦᠯᠭᠡ ᠳᠠᠭᠠᠤ ᠶᠠᠪᠤᠭᠳᠠᠭᠤᠯᠬᠤ ᠂ ᠭᠠᠵᠠᠷ ᠬᠡᠷᠡᠭᠯᠡᠬᠦ ᠶᠢ ᠲᠥᠰᠥᠯ ᠳᠠᠭᠠᠤ ᠶᠠᠪᠤᠭᠳᠠᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠦᠨᠳᠦᠰᠦᠯᠡᠨ ᠨᠠᠷᠢᠯᠢᠭ ᠣᠨᠤᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠥᠰᠥᠯ ᠤᠨ ᠭᠠᠵᠠᠷ ᠬᠡᠷᠡᠭᠯᠡᠬᠦ ᠭᠠᠷᠳᠠᠮ ᠢ ᠳᠠᠭᠠᠭᠠᠴᠢᠯᠠᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠳᠠᠭᠠᠭᠠᠴᠢᠯᠠᠨ ᠬᠠᠷᠢᠭᠤᠴᠠᠬᠤ ᠬᠠᠷᠢᠭᠤᠴᠠᠯᠭᠠᠲᠠᠨ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠪᠰᠤᠷᠤᠨ ᠭᠦᠢᠴᠡᠳᠬᠡᠵᠦ ᠣᠷᠣᠯᠠᠨ ᠭᠥᠢᠴᠡᠳᠬᠡᠵᠦ ᠪᠠᠶᠢᠨ᠎ᠠ᠃ ᠲᠥᠰᠥᠯ ᠤᠨ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠪ᠂ ᠭᠠᠵᠠᠷ ᠬᠡᠷᠡᠭᠯᠡᠬᠦ ᠡᠪᠬᠡᠮᠡᠯ ᠢ ᠵᠣᠬᠢᠶᠠᠨ ᠪᠠᠶᠢᠭᠤᠯᠤᠨ ᠮᠡᠳᠡᠭᠦᠯᠦᠨ ᠵᠥᠪᠰᠢᠶᠡᠷᠡᠭᠦᠯᠬᠦ ᠵᠡᠷᠭᠡ ᠭᠤᠭᠴᠤᠭᠠᠨ ᠤ ᠲᠣᠭᠤᠷᠢᠨ ᠳᠤ᠂ ᠲᠥᠰᠥᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ᠂ ᠰᠢᠮᠳᠠᠭᠤᠯᠤᠨ  ᠰᠢᠢᠳᠪᠥᠷᠢᠯᠡᠭᠦᠯᠵᠦ ᠪᠠᠶᠢᠨ᠎ᠠ ᠃ ᠣᠳᠣᠬᠠᠨ ᠳᠤ᠂ ᠲᠣᠭᠤᠷᠢᠭ ᠤᠨ ᠳᠣᠲᠣᠷ᠎ᠠ ᠨᠢᠭᠡᠨᠲᠡ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 120 ᠲᠦᠮᠡᠨ ᠲᠣᠨ/ᠵᠢᠯ ᠤᠨ ᠠᠯᠭᠤᠷ ᠵᠠᠳᠠᠷᠠᠬᠤ ᠪᠣᠷᠳᠣᠭᠤᠷ ᠤᠨ ᠬᠤᠶᠠᠳᠤᠭᠠᠷ ᠬᠤᠭᠤᠴᠠᠭᠠᠨ ᠤ ᠲᠥᠰᠥᠯ ᠂ ᠳ᠋ᠦᠩ ᠷᠠᠨ ᠴᠠᠬᠢᠯᠭᠠᠨ ᠬᠦᠴᠦᠨ ᠤ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠬᠤᠭᠤᠴᠠᠭᠠᠨ ᠤ ᠲᠥᠰᠥᠯ ᠵᠡᠷᠭᠡ 3 ᠲᠥᠰᠥᠯ ᠢ ᠮᠡᠳᠡᠭᠦᠯᠦᠨ ᠵᠥᠪᠰᠢᠶᠡᠷᠡᠭᠦᠯᠵᠦ ᠂ ᠮᠡᠳᠡᠭᠦᠯᠦᠨ ᠵᠥᠪᠰᠢᠶᠡᠷᠡᠭᠦᠯᠥᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠶ 37.3 ᠾᠧᠺᠲ᠋ᠠᠷ ᠲᠤ ᠬᠥᠷᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1