ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ︽ᠲᠠᠪᠤ ᠶᠢ ᠪᠠᠶᠢᠴᠠᠭᠠᠬᠤ ᠠᠷᠭ᠎ᠠ︾᠎ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠵᠤ ᠪᠣᠶ
ᠨᠡᠶᠢᠲᠡᠯᠡᠭᠰᠡᠨ ᠴᠠᠭ᠄
2023/4/12
    ᠤᠷᠢᠬᠠᠨ ᠬᠠᠪᠤᠷ ᠤᠨ 4 ᠰᠠᠷ᠎ᠠ ᠪᠣᠯ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠰᠠᠶᠢᠬᠠᠨ ᠴᠠᠭ ᠪᠣᠯᠣᠨ᠎ᠠ ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠲᠢᠭᠯᠢᠮ ᠢ ᠵᠢᠷᠤᠮᠵᠢᠭᠤᠯᠤᠨ᠂ ᠥᠷᠭᠡᠨ ᠣᠯᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ ᠲᠠᠪᠤ ᠶᠢ ᠪᠠᠶᠢᠴᠠᠭᠠᠬᠤ ᠠᠷᠭ᠎ᠠ︾᠎ ᠶᠢ ᠠᠰᠢᠭᠯᠠᠨ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠳᠤ ᠲᠤᠰᠬᠠᠢ ᠪᠠᠶᠢᠴᠠᠭᠠᠯᠲᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ᠃    ᠨᠢᠭᠡ ᠳᠤ ᠂ ᠪᠡᠶᠡᠴᠢ ᠴᠣᠭᠴᠠ ᠶᠢᠨ ᠡᠵᠡᠩᠨᠡᠯᠲᠡ ᠶᠢᠨ ᠬᠢᠷᠢ ᠬᠡᠮ ᠢ ᠪᠠᠶᠢᠴᠠᠭᠠᠵᠤ ᠪᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠶᠢ ᠲᠠᠰᠤ ᠵᠣᠭᠰᠤᠭᠠᠬᠤ ᠶᠢᠨ ᠬᠠᠮᠲᠤ ᠡᠵᠡᠩᠨᠡᠯᠲᠡ ᠶᠢᠨ ᠡᠷᠦᠬᠡ ᠶᠢ ᠰᠢᠪᠠᠳᠠᠨ 2022 ᠣᠨ ᠤ ᠣᠨ ᠤ ᠮᠡᠳᠡᠭᠦᠯᠦᠯᠲᠡ ᠶᠢ ᠢᠯᠡ ᠨᠡᠶᠢᠲᠡᠯᠡᠬᠦ ᠠᠵᠢᠯ ᠢ ᠰᠠᠶᠢᠲᠤᠷ ᠬᠢᠯᠭᠡᠵᠦ ᠪᠠᠶᠢᠨ᠎ᠠ᠃ ᠬᠤᠶᠠᠷ ᠲᠤ ᠂ ᠪᠠᠷᠠᠭ᠎ᠠ ᠣᠷᠤᠭᠤᠯᠤᠭᠰᠠᠨ ᠪᠠᠶᠢᠴᠠᠭᠠᠯᠲᠠ ᠶᠢᠨ ᠲᠡᠮᠳᠡᠭᠯᠡᠯ ᠢ ᠪᠠᠶᠢᠴᠠᠭᠠᠵᠤ ᠪᠠᠶᠢᠨ᠎ᠠ᠃ ᠬᠤᠶᠠᠷ ᠲᠥᠷᠥᠯ ᠵᠦᠢᠯ ᠤᠨ ᠦᠢᠯᠡᠳᠬᠦᠨ ᠢ ᠲᠣᠬᠢᠶᠠᠯᠳᠤᠯ ᠢᠶᠠᠷ ᠰᠣᠩᠭᠤᠨ ᠠᠪᠴᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠶᠢᠨ ᠪᠠᠷᠠᠭ᠎ᠠ ᠣᠷᠣᠭᠤᠯᠤᠭᠰᠠᠨ ᠡᠬᠡ ᠲᠠᠩᠰᠠ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠬᠤᠳᠠᠯ ᠬᠠᠭᠤᠷᠮᠠᠭ ᠴᠢᠨᠠᠷ ᠮᠠᠭᠤ᠂ ᠬᠢᠷᠢ ᠲᠡᠩᠴᠡᠭᠦ ᠦᠭᠡᠢ ᠦᠢᠯᠡᠳᠬᠦᠨ ᠢ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ ᠃ ᠭᠤᠷᠪᠠ ᠳᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠵᠠᠷ ᠮᠡᠳᠡᠭᠡ ᠶᠢ ᠪᠠᠶᠢᠴᠠᠭᠠᠵᠤ ᠪᠠᠶᠢᠨ᠎ᠠ᠃ ᠳᠡᠯᠭᠡᠭᠦᠷ ᠲᠤ ᠡᠯᠭᠦᠭᠰᠡᠨ ᠬᠥᠨᠳᠡᠯᠡᠨ ᠪᠢᠴᠢᠭᠡᠰᠦ ᠂ ᠨᠠᠭᠠᠭᠰᠠᠨ ᠵᠠᠷ ᠮᠡᠳᠡᠭᠡ ᠪᠠ ᠲᠠᠷᠬᠠᠭᠠᠭᠰᠠᠨ ᠭᠠᠷ ᠳᠡᠪᠲᠡᠷ ᠤᠨ ᠤᠬᠠᠭᠤᠯᠭ᠎ᠠ ᠶᠢᠨ ᠠᠭᠤᠯᠭ᠎ᠠ ᠨᠢ ᠬᠤᠳᠠᠯ ᠬᠠᠭᠤᠷᠮᠠᠭ ᠡᠰᠡᠬᠦ ᠶᠢ ᠪᠠᠶᠢᠴᠠᠭᠠᠨ ᠦᠵᠡᠵᠦ ᠂ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠷ ᠮᠡᠳᠡᠭᠡ ᠂ ᠦᠢᠯᠡᠳᠬᠦᠨ ᠤ ᠴᠢᠳᠠᠮᠵᠢ ᠶᠢ ᠶᠡᠬᠡᠰᠬᠡᠭᠰᠡᠨ ᠵᠠᠷ ᠮᠡᠳᠡᠭᠡ ᠶᠢ ᠴᠠᠭ ᠲᠤᠬᠠᠢ ᠳᠤᠨᠢ ᠬᠤᠷᠢᠭᠯᠠᠨ ᠵᠣᠭᠰᠤᠭᠠᠵᠤ ᠪᠠᠶᠢᠨ᠎ᠠ᠃ ᠳᠥᠷᠪᠡ ᠳᠤ ᠂ ︽ᠭᠤᠷᠪᠠ ᠦᠭᠡᠢ︾ ᠦᠢᠯᠡᠳᠬᠦᠨ ᠢ   ᠪᠠᠶᠢᠴᠠᠭᠠᠵᠤ ᠪᠠᠶᠢᠨ᠎ᠠ᠃ ᠦᠢᠯᠡᠳᠪᠦᠷᠢ ᠶᠢᠨ ᠨᠡᠷ᠎ᠡ ᠦᠭᠡᠢ᠂ ᠬᠢᠷᠢ ᠲᠡᠩᠴᠡᠭᠰᠡᠨ ᠦᠨᠡᠮᠯᠡᠯ ᠦᠭᠡᠢ ᠂ ᠢᠷᠡᠯᠲᠡ ᠲᠣᠳᠣᠷᠬᠠᠢ ᠦᠭᠡᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠪᠣᠷᠣᠯᠠᠭᠤᠯᠤᠨ ᠬᠤᠳᠠᠯᠳᠤᠬᠤ ᠶᠢ ᠴᠢᠩᠭ᠎ᠠ ᠪᠠᠶᠢᠴᠠᠭᠠᠵᠤ ᠪᠠᠶᠢᠨ᠎ᠠ᠃ ᠲᠠᠪᠤ ᠳᠤ ᠂ ᠥᠨ᠎ᠡ ᠬᠠᠩᠰᠢ ᠶᠢᠨ ᠲᠠᠯ᠎ᠠ ᠪᠠᠷ ᠬᠠᠥᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠵᠤ ᠪᠠᠶᠢᠨ᠎ᠠ᠃ ᠦᠨ᠎ᠡ ᠬᠠᠩᠰᠢ ᠶᠢᠨ ᠮᠡᠬᠡᠯᠡᠯ᠂ ᠦᠨ᠎ᠡ ᠬᠠᠩᠰᠢ ᠶᠢ ᠳᠦᠷᠭᠢᠯᠳᠦᠨ ᠥᠰᠬᠡᠬᠦ᠂ ᠰᠥᠯᠪᠡᠭᠡᠯᠳᠦᠨ ᠦᠨ᠎ᠡ ᠬᠠᠩᠰᠢ ᠶᠢ ᠥᠰᠬᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠵᠡᠩᠨᠡᠯᠲᠡ ᠶᠢᠨ ᠡᠷᠦᠬᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠰᠢᠮᠳᠠᠭᠤᠯᠵᠤ ᠪᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠣᠷᠴᠢᠨ ᠨᠥᠬᠦᠴᠡᠯ ᠤᠨ ᠲᠣᠭᠲᠠᠭᠤᠨ ᠲᠢᠭᠯᠢᠮ ᠲᠠᠢ ᠪᠠᠶᠢᠬᠤ ᠶᠢ ᠪᠠᠲᠤᠯᠠᠵᠤ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1