ᠶᠤᠸᠠᠨ ᠪᠦᠦ ᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ︽ᠭᠤᠷᠪᠠ ᠶᠢ ᠨᠢᠭᠡ ᠴᠣᠭᠴᠠᠵᠢᠭᠤᠯᠬᠤ︾ ᠲᠤᠷᠰᠢᠯᠲᠠ ᠶᠢᠨ ᠴᠡᠭ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ ᠵᠠᠰᠠᠭ ᠤᠨ ᠣᠷᠳᠣᠨ ᠲᠠᠪᠴᠠᠩ ᠪᠠᠶᠢᠭᠤᠯᠤᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠬᠦ ᠶᠢ ᠪᠡᠶᠡᠯᠡᠭᠦᠯᠵᠥ ᠪᠠᠶᠢᠨ᠎ᠠ
ᠨᠡᠶᠢᠲᠡᠯᠡᠭᠰᠡᠨ ᠴᠠᠭ᠄
2023/4/12
    ᠶᠤᠸᠠᠨ ᠪᠦᠦ ᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ︽ᠭᠤᠷᠪᠠ ᠶᠢ ᠨᠢᠭᠡ ᠴᠣᠭᠴᠠᠵᠢᠭᠤᠯᠬᠤ︾ ᠲᠤᠷᠰᠢᠯᠲᠠ ᠶᠢᠨ ᠴᠡᠭ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠲᠠᠪᠴᠠᠩ ᠪᠠᠶᠢᠭᠤᠯᠤᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠬᠦ ᠶᠢ ᠪᠡᠶᠡᠯᠡᠭᠦᠯᠵᠥ ᠪᠠᠶᠢᠨ᠎ᠠ᠃ ᠲᠤᠷᠰᠢᠯᠲᠠ ᠶᠢᠨ ᠴᠡᠭ ᠎ ᠨᠢ ᠶᠤᠸᠠᠨ ᠪᠦᠦ ᠱᠠᠨ ᠪᠠᠯᠭᠠᠰᠤᠨ ᠳᠤ ᠪᠠᠶᠢᠷᠢᠰᠢᠵᠤ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠶᠤᠸᠠᠨ ᠪᠦᠦ ᠱᠠᠨ ᠪᠠᠯᠭᠠᠰᠤ᠂ ᠮᠦ ᠲᠧᠦ ᠭᠧᠦ ᠲᠣᠰᠬᠤᠨ ᠵᠡᠷᠭᠡ ᠭᠤᠷᠪᠠᠨ ᠨᠢᠭᠡᠴᠢ ᠠᠴᠠ ᠬᠤᠷᠰᠢᠶᠠᠯᠠᠯ ᠤᠨ ᠳᠦᠷᠢᠮ ᠢᠶᠠᠷ ᠳᠡᠮᠵᠢᠨ ᠾᠥᠢ ᠿᠥᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠪᠠ᠃ ᠡᠭᠦᠨ ᠳᠤ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠳᠤ ᠬᠠᠷᠢᠶᠠᠯᠠᠭᠳᠠᠬᠤ ᠪᠦᠷᠢᠨ ᠪᠡᠯᠡᠳᠦ ᠺᠣᠮᠫᠠᠨᠢ 51%᠎ ᠶᠢᠨ ᠬᠤᠪᠢ ᠡᠵᠡᠯᠡᠵᠦ᠂ ᠮᠦ ᠲᠧᠦ ᠭᠧᠦ ᠭᠠᠴᠠᠭ᠎ᠠ 4650 ᠲᠡᠭᠰᠢ ᠳᠥᠷᠪᠡᠯᠵᠢᠨ ᠮᠧᠲᠷ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠᠷ 29%᠎ ᠶᠢᠨ ᠬᠤᠪᠢ ᠡᠵᠡᠯᠡᠵᠦ᠂ ᠶᠤᠸᠠᠨ ᠪᠦᠦ ᠱᠠᠨ ᠪᠠᠯᠭᠠᠰᠤᠨ ᠤ ᠵᠠᠰᠠᠭ ᠤᠨ ᠣᠷᠳᠣᠨ ᠮᠡᠷᠭᠡᠵᠢᠯ ᠤᠨ ᠦᠢᠯᠡᠴᠢᠯᠡᠭᠡ ᠪᠠᠷ 20%᠎ ᠶᠢᠨ ᠬᠤᠪᠢ ᠡᠵᠡᠯᠡᠵᠦ᠂ ᠬᠤᠪᠢ ᠣᠷᠣᠭᠤᠯᠤᠭᠴᠢ ᠨᠢ ︽ᠠᠯᠪᠠᠨ ᠤ ᠬᠢ︾᠂ ᠭᠤᠣᠯ ᠴᠣᠭᠴᠠ ᠨᠢ ︽ᠠᠯᠪᠠᠨ ᠤ ᠬᠢ︾ ᠪᠣᠯᠬᠤ ᠶᠢ ᠪᠡᠶᠡᠯᠡᠭᠦᠯᠪᠡ᠃ ᠦᠢᠯᠡᠳᠪᠦᠷᠢᠯᠡᠬᠦ ᠂ ᠬᠠᠩᠭᠠᠨ ᠪᠣᠷᠣᠯᠠᠭᠤᠯᠬᠤ ᠂ ᠢᠲᠡᠭᠡᠮᠵᠢ ᠵᠡᠷᠭᠡ ᠭᠤᠷᠪᠠᠨ ᠵᠦᠢᠯ ᠤᠨ ᠬᠤᠷᠰᠢᠭᠰᠠᠨ ᠦᠢᠯᠡᠴᠢᠯᠡᠭᠡᠨ ᠤ ᠴᠢᠳᠠᠮᠵᠢ ᠶᠢ ᠲᠤᠷᠰᠢᠨ ᠬᠠᠩᠭᠠᠨ᠎ᠠ ᠃ ᠡᠭᠦᠨ ᠳᠤ᠂ ᠦᠢᠯᠡᠳᠪᠦᠷᠢᠯᠡᠯ ᠤᠨ ᠬᠠᠮᠲᠤᠷᠠᠯᠴᠠᠭ᠎ᠠ ᠨᠢ ᠭᠤᠣᠯᠳᠠᠭᠤ ᠭᠠᠵᠠᠷ ᠰᠢᠷᠣᠢ ᠶᠢ ᠪᠦᠬᠦᠨ ᠢ ᠨᠠᠶᠢᠳᠠᠨ ᠬᠠᠮᠢᠶᠠᠷᠤᠭᠤᠯᠬᠤ ᠪᠤᠶᠤ ᠬᠠᠭᠠᠰ ᠨᠠᠶᠢᠳᠠᠨ ᠬᠠᠮᠢᠶᠠᠷᠤᠭᠤᠯᠬᠤ ᠵᠡᠷᠭᠡ ︽ᠡᠮᠦᠨ᠎ᠡ ᠬᠠᠭᠠᠰ ᠬᠡᠰᠡᠭ ︾᠎ ᠎ ᠤᠨ ᠦᠢᠯᠡᠳᠪᠦᠷᠢᠯᠡᠯ ᠤᠨ ᠦᠢᠯᠡᠴᠢᠯᠡᠭᠡ ᠪᠠ ᠲᠠᠷᠢᠶᠠᠯᠠᠩ ᠤᠨ ᠪᠦᠲᠦᠭᠡᠭᠳᠡᠬᠦᠨ ᠢ ᠬᠤᠷᠢᠶᠠᠨ ᠨᠥᠭᠡᠴᠡᠯᠡᠬᠦ᠂ ᠪᠣᠯᠪᠠᠰᠤᠷᠠᠭᠤᠯᠬᠤ ᠵᠡᠷᠭᠡ ︽ᠰᠡᠭᠦᠯ ᠤᠨ ᠬᠠᠭᠠᠰ ᠬᠡᠰᠡᠭ︾᠎ ᠎ ᠤᠨ ᠥᠷᠲᠡᠭ ᠨᠡᠮᠡᠭᠳᠡᠯ ᠤᠨ ᠦᠢᠯᠡᠴᠢᠯᠡᠭᠡ ᠶᠢ ᠬᠠᠩᠭᠠᠨ᠎ᠠ︔ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ ᠎ ᠨᠢ ᠭᠤᠣᠯᠳᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠯᠪᠤᠭᠠᠯᠠᠨ  ᠴᠤᠭᠯᠠᠭᠤᠯᠬᠤ ᠦᠢᠯᠡᠴᠢᠯᠡᠭᠡ ᠪᠠ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠵᠣᠯᠭᠠᠭᠤᠯᠬᠤ ᠦᠢᠯᠡᠴᠢᠯᠡᠭᠡ ᠬᠠᠩᠭᠠᠨ᠎ᠠ ︔ ᠢᠲᠡᠭᠡᠮᠵᠢ ᠶᠢᠨ ᠬᠠᠮᠲᠤᠷᠠᠯᠴᠠᠭ᠎ᠠ ᠎ ᠨᠢ ᠬᠥᠳᠡᠭᠡ ᠲᠣᠰᠬᠤᠨ ᠤ ᠪᠡᠯᠡ ᠮᠥᠩᠭᠦ ᠶᠢᠨ ᠬᠠᠷᠢᠯᠴᠠᠨ ᠬᠠᠪᠰᠤᠷᠬᠤ ᠬᠤᠷᠰᠢᠶᠠᠵᠢᠯ ᠤᠨ ᠬᠡᠯᠲᠡᠰ ᠢ ᠪᠠᠶᠢᠭᠤᠯᠬᠤ ᠪᠠᠷ ᠳᠠᠮᠵᠢᠨ᠂ ᠪᠡᠯᠡ ᠮᠥᠩᠭᠦ ᠶᠢᠨ ᠬᠠᠷᠢᠯᠴᠠᠨ ᠬᠠᠪᠰᠤᠷᠬᠤ ᠦᠢᠯᠡᠴᠢᠯᠡᠭᠡ ᠶᠢ ᠥᠷᠨᠢᠭᠦᠯᠦᠨ᠎ᠡ ᠃ ᠣᠳᠣᠬᠠᠨ ᠳᠤ᠂ ᠶᠤᠸᠠᠨ ᠪᠦᠦ ᠱᠠᠨ ᠪᠠᠯᠭᠠᠰᠤᠨ ᠤ 16 ᠲᠣᠰᠬᠤᠨ ᠤ 14702 ᠲᠠᠷᠢᠶᠠᠴᠢᠨ ᠡᠷᠦᠬᠡ ᠪᠦᠬᠦᠨ ᠢᠶᠠᠷ ᠢᠶᠠᠨ ᠲᠤᠷᠰᠢᠯᠲᠠ ᠶᠢᠨ ᠴᠡᠭ ᠤᠨ ᠬᠠᠩᠭᠠᠨ ᠪᠣᠷᠣᠯᠠᠭᠤᠯᠬᠤ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠲᠤ ᠣᠷᠣᠭᠰᠠᠨ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1