4 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ ᠭᠠᠯ ᠰᠡᠷᠭᠡᠶᠢᠯᠡᠬᠦ ᠪᠠ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠡᠷᠬᠢᠯᠡᠭᠴᠢ ᠶᠠᠩ ᠰᠢᠨ ᠢᠦᠢ᠂ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠪᠠᠶᠢᠴᠠᠭᠠᠪᠠ᠃ | ᠤᠯᠠᠭᠠᠨᠬᠠᠳᠠ ᠶᠢᠨ ᠬᠤᠸᠠ ᠿᠥᠨ ᠰᠢᠲᠠᠭᠴᠢ ᠬᠡᠢ ᠶᠢᠨ ᠬᠢᠵᠠᠭᠠᠷᠲᠤ ᠺᠣᠮᠫᠠᠨᠢ ᠶᠢᠨ ᠫᠢᠩᠵᠤᠸᠠᠩ | ᠶᠡᠷᠦᠩᠬᠡᠶᠢᠯᠡᠭᠰᠡᠨ ᠥᠷᠲᠡᠭᠡᠨ ᠳᠤ᠂ ᠵᠠᠩ ᡁᠢ ᠸᠧᠢ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠥᠷᠲᠡᠭᠡᠨ ᠤ | ᠡᠵᠡᠩᠨᠡᠯᠲᠡ᠂ ᠰᠢᠩᠭᠡᠨᠵᠢᠮᠡᠯ ᠬᠡᠢ ᠶᠢ ᠬᠠᠳᠠᠭᠠᠯᠠᠬᠤ ᠪᠠ ᠬᠦᠷᠭᠡᠬᠦ ᠭᠤᠭᠴᠤᠭ᠎ᠠ ᠵᠡᠷᠭᠡ ᠪᠠᠶᠢᠳᠠᠯ ᠢ ᠣᠶᠢᠯᠠᠭᠠᠵᠤ᠂ | ᠡᠷᠦᠭᠡ ᠳᠤ ᠣᠷᠣᠵᠤ ᠲᠣᠭᠤᠷᠢᠨ ᠪᠠᠶᠢᠴᠠᠭᠠᠬᠤ ᠶᠢ ᠴᠢᠩᠭᠠᠷᠠᠭᠤᠯᠵᠤ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠪᠠ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠢ ᠬᠥᠮᠥᠰ ᠤᠨ ᠰᠢᠲᠠᠮᠠᠬᠠᠢ ᠬᠡᠢ ᠶᠢᠨ | ᠠᠮᠤᠷ ᠲᠦᠪᠰᠢᠨ ᠢ ᠡᠷᠦᠭᠡ ᠳᠤ ᠣᠷᠣᠵᠤ ᠪᠠᠶᠢᠴᠠᠭᠠᠬᠤ ᠶᠢ ᠴᠢᠩᠭᠠᠳᠬᠠᠵᠤ ᠂ ᠠᠶᠤᠯᠲᠠᠢ ᠬᠢᠮᠢ ᠶᠢᠨ ᠪᠣᠳᠠᠰ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠪᠣᠯᠣᠨ ᠰᠢᠲᠠᠮᠠᠬᠠᠢ ᠬᠡᠢ ᠶᠢᠨ | ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠡᠷᠴᠢᠮᠵᠢᠭᠦᠯᠵᠦ᠂ ᠰᠠᠭᠤᠭᠠᠯᠢ ᠠᠷᠠᠳ ᠤᠨ | ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠬᠠᠮᠰᠠᠷ ᠪᠣᠯᠣᠨ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠵᠦ ᠂ ᠰᠢᠲᠠᠮᠠᠬᠠᠢ ᠬᠡᠢ ᠶᠢᠨ ᠬᠦᠷᠢᠶᠡᠨ ᠤ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ | ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠭᠦ᠋ ᠱᠠᠨ ᠤᠢ ᠰᠢᠭᠤᠢ ᠶᠢᠨ ᠴᠡᠴᠡᠷᠯᠢᠭ ᠂ ᠮᠣᠬᠤᠷ ᠭᠤᠤᠯ ᠪᠠᠯᠭᠠᠰᠤᠨ ᠤ ᠪᠠᠷᠠᠭᠤᠨ ᠵᠢᠷᠭᠤᠭᠠᠨ ᠭᠡᠷ | ᠲᠣᠰᠬᠤᠨ ᠳᠤ ᠂ ᠵᠠᠩ ᡁᠢ ᠸᠧᠢ ᠡᠳᠦᠷ ᠲᠤᠳᠤᠮ ᠤᠨ ᠵᠢᠵᠢᠭᠦᠷ ᠤᠨ ᠳᠦᠷᠢᠮ ᠂ ᠭᠠᠯ ᠤᠨ ᠡᠬᠢ ᠶᠢ ᠬᠠᠮᠢᠶᠠᠷᠤᠨ | ᠡᠵᠡᠮᠳᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ ᠂ ᠠᠭᠤᠯᠠᠨ ᠳᠤ ᠣᠷᠣᠬᠤ ᠲᠡᠷᠭᠡ ᠬᠥᠰᠬᠡ ᠂ | ᠬᠥᠮᠥᠰ ᠢ ᠪᠦᠷᠢᠳᠬᠡᠨ ᠪᠠᠶᠢᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ ᠂ ᠭᠠᠯ ᠤᠨ ᠵᠥᠢᠯ ᠢ ᠠᠭᠤᠯᠠᠨ ᠳᠤ | ᠠᠪᠴᠤ ᠣᠷᠣᠵᠤ ᠤᠢ ᠰᠢᠭᠤᠢ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ ᠂ ᠥᠷᠭᠡᠨ ᠤᠯᠠᠨ ᠲᠦᠮᠡᠨ ᠤ | ᠪᠣᠯᠪᠠᠰᠤᠨ ᠢᠶᠠᠷ ᠲᠠᠬᠢᠯᠭ᠎ᠠ ᠬᠢᠬᠦ ᠶᠢ ᠢᠳᠡᠪᠬᠢᠲᠡᠢ ᠰᠠᠨᠠᠭᠠᠴᠢᠯᠠᠵᠤ ᠂ ᠪᠦᠬᠦ ᠠᠷᠠᠳ ᠤᠨ ᠭᠠᠯ ᠢ ᠰᠡᠷᠭᠡᠶᠢᠯᠡᠬᠦ | ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠤᠯᠠᠭᠠᠨᠬᠠᠳᠠ ᠶᠢᠨ ᠰᠢᠶᠠᠩ ᠶᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ | ᠤᠯᠠᠭᠠᠨᠬᠠᠳᠠ ᠶᠢᠨ ᠳ᠋ᠠ ᠪᠧᠢ ᠨᠥᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠬᠤᠸᠠ ᠺᠦᠨ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠺᠧ ᠸᠧᠢ ᠪᠥᠸᠧ ᠠᠮᠢᠳᠤ ᠪᠣᠳᠠᠰ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠂ ᠵᠠᠩ ᡁᠢ ᠸᠧᠢ ᠠᠶᠤᠯᠭᠦᠢ ᠦᠢᠯᠡᠳᠪᠦᠷᠢᠯᠡᠯ ᠤᠨ ᠰᠢᠰᠲ᠋ᠧᠮ ᠤᠨ | ᠪᠠᠶᠢᠭᠤᠯᠤᠯᠲᠠ ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | ᠵᠡᠷᠭᠡ ᠠᠵᠢᠯ ᠢ ᠨᠠᠷᠢᠨ ᠬᠢᠨᠠᠮᠠᠭᠠᠢ ᠣᠶᠢᠯᠠᠭᠠᠵᠤ ᠂ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠣᠷᠣᠰᠢᠵᠤ ᠪᠠᠶᠢᠭ᠎ᠠ ᠠᠮᠤᠷ ᠲᠦᠪᠰᠢᠨ ᠤ | ᠬᠡᠮ ᠰᠣᠭᠤᠭ ᠢ ᠪᠦᠬᠦ ᠲᠠᠯ᠎ᠠ ᠪᠠᠷ ᠥᠪᠡᠷ ᠢᠶᠠᠨ ᠪᠠᠶᠢᠴᠠᠭᠠᠨ ᠥᠪᠡᠷ ᠢᠶᠠᠨ ᠵᠠᠯᠠᠷᠠᠭᠤᠯᠵᠤ ᠂ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠪᠣᠯᠣᠨ ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ ᠂ ᠠᠵᠢᠯᠲᠠᠨ ᠤ ᠤᠬᠠᠭᠤᠯᠭ᠎ᠠ ᠪᠣᠯᠪᠠᠰᠤᠷᠠᠯ ᠢ | ᠴᠢᠩᠭᠠᠳᠬᠠᠵᠤ ᠂ ᠠᠵᠤ ᠠᠬᠤᠶᠢᠯᠠᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠪᠠᠶᠢᠩᠭᠤ ᠭᠦᠨᠵᠡᠭᠡᠶᠢᠷᠡᠨ ᠠᠶᠤᠯᠭᠦᠢ | ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠶᠢ ᠥᠷᠨᠢᠭᠦᠯᠵᠦ᠂ ᠬᠡᠮ ᠰᠤᠭᠤᠭ ᠢ | ᠡᠩᠨᠡᠭᠦᠯᠥᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠠᠵᠤ | ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠪᠣᠳᠠᠲᠠᠢ ᠭᠠᠵᠠᠷ ᠲᠤᠨᠢ ᠡᠷᠡᠰ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠥᠷᠥᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠠᠢ᠃ | |