4 ᠰᠠᠷ᠎ᠠ ᠶᠢᠨ 4 ᠤ ᠡᠳᠦᠷ ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠂ | ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠰᠦᠩ ᠰᠢ ᠶᠠᠨ | ᠬᠠᠮ ᠬᠢᠨᠠᠯᠲᠠ ᠶᠢᠨ ᠪᠠᠶᠢᠴᠠᠭᠠᠯᠲᠠ ᠬᠢᠬᠦ ᠳᠤᠭᠤᠶᠢᠯᠠᠩ ᠢ ᠳᠠᠭᠠᠭᠤᠯᠤᠨ ᠶᠤᠸᠠᠨ ᠪᠦᠦ ᠱᠠᠨ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠬᠦᠷᠴᠦ ᠬᠢᠨᠠᠨ ᠪᠠᠶᠢᠴᠠᠭᠠᠯᠲᠠ ᠬᠢᠭᠰᠡᠨ ᠪᠥᠭᠡᠳ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠵᠢᠭᠠᠨ | ᠵᠢᠯᠣᠭᠤᠳᠪᠠ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠯᠤᠸᠠᠨ ᠶᠦᠨ ᠾᠧ ᠪᠠᠷ᠎ᠠ ᠪᠣᠯᠵᠤ ᠬᠢᠨᠠᠨ ᠪᠠᠶᠢᠴᠠᠭᠠᠯᠲᠠ ᠬᠢᠪᠡ᠃ | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠶᠤᠸᠠᠨ ᠪᠦᠦ ᠱᠠᠨ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠂ ᠫᠢᠩᠵᠤᠸᠠᠩ ᠴᠧᠩ ᠴᠢᠥᠢ ᠵᠡᠭᠡᠯᠢ ᠭᠤᠳᠤᠮᠵᠢ ᠶᠢᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠂ ᠫᠢᠩᠵᠤᠸᠠᠩ ᠳ᠋ᠦᠩᠴᠧᠩ ᠵᠡᠭᠡᠯᠢ | ᠭᠤᠳᠤᠮᠵᠢ ᠶᠢᠨ ᠶᠢᠨ ᠾᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠷᠲᠡᠭᠡ ᠂ ᠫᠢᠩᠵᠤᠸᠠᠩ ᠳ᠋ᠥᠩᠴᠧᠩ ᠵᠡᠭᠡᠯᠢ ᠭᠤᠳᠤᠮᠵᠢ ᠶᠢᠨ ᠬᠠ ᠾᠧ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠂ ᠮᠣᠬᠤᠷ ᠭᠤᠤᠯ ᠪᠠᠯᠭᠠᠰᠤᠨ ᠤ ᠪᠠᠷᠠᠭᠤᠨ ᠵᠢᠷᠭᠤᠭᠠᠨ ᠭᠡᠷ | ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠵᠢᠴᠢ ᠰᠢᠶᠣᠣ ᠦ᠋ ᠵᠢᠶᠠ | ᠰᠢᠶᠠᠩ ᠤᠨ ᠳ᠋ᠠ ᠶᠢᠩᠽᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠳᠤ | ᠬᠦᠷᠴᠥ᠂ ᠬᠠᠷᠢᠭᠤ ᠮᠡᠳᠡᠭᠦᠯᠦᠯᠲᠡ ᠶᠢ ᠰᠣᠨᠣᠰᠬᠤ ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠳᠠᠩᠰᠠ | ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ ᠂ ᠬᠢᠨᠠᠨ ᠪᠠᠶᠢᠴᠠᠭᠠᠬᠤ ᠲᠥᠪ ︵ ᠭᠠᠵᠠᠷ ᠂ | ᠦᠷᠲᠡᠭᠡ ︶ ᠤᠨ ᠴᠢᠳᠠᠮᠵᠢ ᠶᠢᠨ ᠵᠢᠭᠰᠠᠭᠠᠯ ᠤᠨ ᠭᠠᠵᠠᠷ ᠂ ᠰᠣᠶᠣᠯ ᠤᠨ ᠲᠥᠬᠦᠭᠡᠷᠦᠮᠵᠢ ᠂ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ | ᠥᠷᠨᠢᠭᠦᠯᠬᠦ ᠵᠡᠷᠭᠡ ᠵᠥᠭᠡᠯᠡᠨ ᠬᠠᠲᠠᠭᠤ ᠬᠡᠷᠡᠭᠰᠡᠯ ᠤᠨ ᠪᠠᠶᠢᠭᠤᠯᠤᠯᠲᠠ ᠶᠢᠨ ᠪᠠᠶᠢᠳᠠᠯ ᠢ ᠦᠨᠡᠯᠡᠨ ᠵᠢᠱᠢᠵᠦ ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ | ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠪᠠ ᠃ | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ ︶ ᠤᠨ ᠪᠦᠲᠦᠭᠡᠨ ᠪᠠᠶᠢᠭᠤᠯᠤᠯᠲᠠ ᠶᠢᠨ ᠪᠦᠬᠦᠨ ᠢ | ᠪᠥᠷᠬᠦᠭᠦᠯᠬᠦ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠪᠣᠯ ᠨᠠᠮ ᠤᠨ ᠣᠨᠣᠯ᠂ ᠲᠥᠷᠥ ᠶᠢᠨ ᠪᠣᠳᠣᠯᠭ᠎ᠠ ᠪᠠ ᠨᠡᠶᠢᠭᠡᠮ | ᠵᠢᠷᠤᠮ ᠤᠨ ᠰᠢᠨ᠎ᠡ ᠬᠡᠪ ᠰᠤᠷᠲᠠᠯ ᠢ ︽ᠡᠭᠡᠯ ᠠᠷᠠᠳ ᠤᠨ ᠭᠡᠷ ᠲᠤ ᠬᠦᠷᠭᠡᠬᠦ︾᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢ ᠤᠬᠠᠭᠤᠯᠤᠨ ᠲᠦᠭᠡᠮᠡᠯᠵᠢᠭᠦᠯᠬᠦ ᠪᠠ ᠪᠣᠶᠢᠵᠢᠭᠤᠯᠤᠨ ᠦᠢᠯᠡᠳᠦᠯᠭᠡᠵᠢᠭᠦᠯᠵᠦ᠂ ᠰᠢᠨ᠎ᠡ | ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠪᠠ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠤᠨ ᠲᠠᠰᠤᠷᠠᠯᠲᠠ ᠦᠭᠡᠢ ᠰᠢᠨ᠎ᠡ ᠶᠢ ᠡᠭᠦᠳᠬᠦ ᠴᠢᠬᠤᠯᠠ ᠵᠢᠭᠰᠠᠭᠠᠯ ᠤᠨ ᠭᠠᠵᠠᠷ ᠮᠥᠨ᠃ | ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠠᠪᠤᠴᠠ ᠳᠤ ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ | ᠦᠢᠯᠡᠳᠦᠯᠭᠡ ᠶᠢᠨ ᠠᠵᠢᠯᠯᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠪᠠ ᠥᠨᠢᠳᠡ ᠶᠢᠨ ᠬᠥᠳᠡᠯᠭᠡᠭᠦ ᠬᠦᠴᠦᠨ ᠢ | ᠨᠡᠮᠡᠷᠢᠯᠡᠬᠦ ᠬᠡᠷᠡᠭᠲᠡᠢ ︔ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠢ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠦᠨᠳᠦᠰᠦᠨ ᠱᠠᠲᠤᠨ ᠤ ᠨᠡᠶᠢᠭᠡᠮ ᠢ ᠵᠠᠰᠠᠬᠤ ᠵᠡᠷᠭᠡ ᠭᠤᠣᠯᠳᠠᠯᠭ᠎ᠠ ᠲᠠᠢ | ᠠᠵᠢᠯ ᠲᠠᠢ ᠤᠶᠠᠯᠳᠤᠭᠤᠯᠵᠤ ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠡᠯ᠎ᠡ ᠲᠦᠷᠦᠯ ᠤᠨ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠪᠠᠷ ᠳᠠᠮᠵᠢᠭᠤᠯᠵᠤ ᠂ ᠤᠯᠠᠨ ᠲᠦᠮᠡᠨ ᠳᠤ | ᠤᠬᠠᠭᠤᠯᠬᠤ ᠂ ᠤᠯᠠᠨ ᠲᠦᠮᠡᠨ ᠢ ᠬᠥᠮᠥᠵᠢᠭᠦᠯᠬᠦ ᠂ ᠤᠯᠠᠨ ᠲᠦᠮᠡᠨ ᠳᠤ ᠦᠢᠯᠡᠴᠢᠯᠡᠬᠦ ᠂ ᠤᠯᠠᠨ ᠲᠦᠮᠡᠨ ᠢ | ᠨᠢᠭᠲᠠᠷᠠᠭᠤᠯᠬᠤ ︽ ᠡᠴᠦᠰ ᠤᠨ ᠱᠤᠭᠤᠮ︾ ᠢ ᠨᠠᠪᠲᠠᠷᠡᠭᠦᠯᠵᠦ ᠂ ᠤᠯᠠᠨ ᠲᠦᠮᠡᠨ ᠤ ᠥᠪᠡᠷ ᠢ ᠪᠠᠨ ᠬᠥᠮᠥᠵᠢᠭᠦᠯᠬᠦ | ᠪᠠ ᠥᠪᠡᠷ ᠢ ᠪᠠᠨ ᠬᠠᠮᠢᠶᠠᠷᠬᠤ ᠶᠢ ᠪᠡᠶᠡᠯᠡᠭᠦᠯᠵᠦ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ ᠢ ᠥᠨᠡᠨ ᠬᠦ ᠬᠥᠮᠥᠰ ᠤᠨ ᠬᠦᠷᠢᠶᠡᠯᠡᠯ ᠢ ᠣᠯᠤᠭᠤᠯᠵᠤ᠂ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠢ | ᠭᠡᠵᠦ ᠵᠢᠭᠠᠵᠤ ᠭᠠᠷᠭᠠᠵᠠᠢ᠃ | |