ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/17
    4 ᠰᠠᠷ᠎ᠠ ᠶᠢᠨ 4᠎ ᠤ ᠡᠳᠦᠷ ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠵᠢᠯ ᠤᠨ ᠬᠤᠷᠠᠯ ᠬᠤᠷᠠᠯᠳᠤᠵᠤ ᠂ 2022 ᠣᠨ ᠤ ᠪᠦᠬᠦ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠢ ᠳ᠋ᠦᠩᠨᠡᠵᠦ ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ ᠫᠧᠩ ᠰᠢᠶᠣᠣ ᠵᠢᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠭᠡᠰᠢᠭᠦᠨ ᠂ ᠬᠤᠯᠪᠤᠭ᠎ᠠ ᠠᠪᠤᠭᠴᠢ᠂ ᠡᠯ᠎ᠡ ᠪᠠᠯᠭᠠᠰᠤ ᠰᠢᠶᠠᠩ ᠤᠨ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠪᠣᠯᠣᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠪᠠ ᠃    ᠬᠤᠷᠠᠯ ᠠᠴᠠ 2022 ᠣᠨ ᠤ ᠪᠦᠬᠦ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠵᠢᠴᠢ ᠪᠦᠬᠦ ᠲᠣᠭᠤᠷᠢᠭ ᠤᠨ ︽ ᠬᠤᠶᠠᠷ ᠬᠥᠲᠥᠯᠪᠦᠷᠢ ︾ ᠎ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠤᠨ ᠲᠥᠰᠥᠪ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ ᠃    ᠰᠢᠨ᠎ᠡ ᠨᠢᠭᠡ ᠡᠭᠡᠯᠵᠢ ᠶᠢᠨ ︽ ᠬᠤᠶᠠᠷ ᠬᠥᠲᠥᠯᠪᠦᠷᠢ ︾᠎ ᠶᠢ ᠬᠡᠷᠡᠭᠵᠢᠭᠦᠯᠬᠦ ᠠᠵᠢᠯ ᠪᠣᠯᠣᠨ 2023 ᠣᠨ ᠤ ︽ ᠬᠤᠶᠠᠷ ᠬᠥᠲᠥᠯᠪᠦᠷᠢ ︾᠎ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠢ ᠬᠤᠷᠠᠯ ᠠᠴᠠ  ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠵᠣᠭᠰᠣᠴᠠ ᠪᠠᠨ ᠲᠤᠪᠤᠶᠢᠯᠭᠠᠵᠤ ᠂ ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ ᠂ ᠠᠵᠢᠯ ᠤᠨ ᠳᠤᠮᠳᠠ ᠢᠯᠡᠷᠡᠭᠰᠡᠨ ᠰᠢᠨ᠎ᠡ ᠪᠠᠶᠢᠳᠠᠯ ᠂ ᠰᠢᠨ᠎ᠡ ᠠᠰᠠᠭᠤᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ ︔ ᠬᠠᠷᠠᠯᠲᠠ ᠡᠭᠦᠷᠭᠡ ᠶᠢ ᠰᠠᠶᠢᠲᠤᠷ ᠠᠩᠬᠠᠷᠴᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠬᠤ ᠂ ᠳᠦᠷᠢᠮ ᠤᠨ ᠪᠠᠲᠤᠯᠠᠭ᠎ᠠ ᠶᠢ ᠴᠢᠩᠭᠠᠳᠬᠠᠬᠤ ᠂ ᠰᠤᠷᠤᠯᠴᠠᠬᠤ ᠡᠭᠦᠷᠭᠡ ᠶᠢ ᠭᠦᠨᠵᠡᠭᠡᠢ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠭᠡᠢ ᠰᠢᠨ᠎ᠡ ᠶᠢ ᠡᠭᠦᠳᠴᠦ ᠂ ᠬᠠᠷᠠᠯᠲᠠ ᠡᠭᠦᠷᠭᠡ ᠶᠢ ᠭᠦᠨᠵᠡᠭᠡᠢ ᠵᠠᠳᠠᠯᠤᠨ ᠰᠤᠳᠤᠯᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠥᠨ᠂ ︽ ᠬᠤᠶᠠᠷ ᠬᠥᠲᠥᠯᠪᠦᠷᠢ ︾ ᠎ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ︔ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠯ᠎ᠡ ᠲᠥᠷᠥᠯ ᠤᠨ ᠵᠠᠭᠤᠴᠢᠯᠠᠭᠤᠷ ᠢ ᠠᠰᠢᠭᠯᠠᠨ ᠣᠯᠠᠨ ᠬᠡᠯᠪᠡᠷᠢ᠂ ᠣᠯᠠᠨ ᠬᠠᠷᠠᠭᠠᠰᠤ ᠠᠴᠠ ᠪᠥᠬᠦ ᠲᠠᠯ᠎ᠠ ᠶᠢᠨ ᠤᠬᠠᠭᠤᠯᠭ᠎ᠠ ᠶᠢ ᠥᠷᠨᠢᠭᠦᠯᠵᠦ᠂ ᠣᠨ ᠵᠢᠯ ᠂ ᠲᠠᠰ ᠳᠠᠪᠬᠤᠷᠭ᠎ᠠ᠂ ᠪᠥᠷᠢᠯᠳᠥᠬᠦᠨ ᠬᠤᠪᠢᠶᠠᠨ ᠪᠠᠶᠢᠩᠭᠤᠵᠢᠭᠤᠯᠤᠭᠰᠠᠨ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1