| | 4 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 | ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ᠂ ᠵᠢᠶᠣᠣ ᠴᠢᠩ ᠳ᠋ᠦᠩ᠂ ᠯᠢᠦ ᠱᠤᠸᠠᠩ᠂ | ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠬᠤᠷᠠᠯ ᠂ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠂ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠤᠨ ᠥᠪᠥᠷ ᠮᠣᠩᠭᠤᠯ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ ︔ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠬᠠᠤᠯᠢ ︾ ᠶᠢ ᠰᠤᠷᠤᠯᠴᠠᠪᠠ ︔ ︽ ᠲᠠᠪᠤᠨ ᠶᠡᠭᠡ ᠡᠭᠦᠷᠭᠡ︾ ᠪᠣᠯᠣᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠪᠣᠥ ᠱᠠᠨ ᠨᠣᠮ ᠤᠨ ᠦᠷᠦᠭᠡ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠶᠠᠪᠤᠳᠠᠯ ᠤᠳ ᠂ ︽ ᠭᠤᠷᠪᠠᠨ ᠣᠷᠳᠣᠨ ᠲᠦᠷᠪᠡᠨ ᠲᠥᠪ ︾ ᠤᠨ ᠵᠠᠯᠭᠠᠮᠵᠢ | ᠢᠨᠵᠧᠨᠧᠷᠢᠩ ᠤᠨ ᠬᠠᠮᠢᠶ᠎ᠠ ᠪᠦᠬᠦᠢ ᠶᠠᠪᠤᠳᠠᠯ ᠤᠳ ᠢ ᠰᠤᠳᠤᠯᠪᠠ ︔ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠵᠥᠪ ᠣᠨᠣᠪᠴᠢᠲᠠᠢ ᠂ ᠢᠳᠡᠪᠬᠢᠲᠡᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ | ᠪᠣᠯᠭᠠᠵᠤ ᠂ ᠠᠵᠤ ᠠᠬᠤᠢ ᠶᠢᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ | ᠵᠣᠬᠢᠶᠠᠨ ᠪᠠᠶᠢᠭᠤᠯᠤᠨ ᠰᠠᠶᠢᠲᠤᠷ ᠰᠤᠷᠤᠯᠴᠠᠵᠤ ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠵᠦ ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠢ ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠭᠤᠣᠯᠳᠠᠯᠭ᠎ᠠ ᠲᠠᠢ ᠠᠵᠤ ᠠᠬᠤᠶᠢᠯᠠᠯ ᠤᠳ ᠢ ᠨᠢᠭᠡ ᠨᠢᠭᠡ ᠪᠠᠷ ᠬᠠᠷᠠᠭᠠᠯᠵᠠᠭᠤᠯᠤᠨ ᠬᠠᠷᠭᠤᠭᠤᠯᠵᠤ ᠂ ᠳᠣᠲᠣᠷ᠎ᠠ ᠪᠠᠨ | ᠲᠤᠭ᠎ᠠ ᠲᠠᠢ ᠪᠠᠶᠢᠵᠤ ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠳᠡᠵᠦ ᠂ ᠰᠢᠨ᠎ᠡ ᠴᠠᠭ ᠦᠶ᠎ᠡ ᠰᠢᠨ᠎ᠡ | ᠱᠠᠲᠤ ᠦᠶ᠎ᠡ ᠶᠢᠨ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ ᠬᠤᠳᠠᠯᠳᠤᠨ ᠠᠪᠬᠤ ᠬᠠᠤᠯᠢ ︾ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠤᠳᠠᠯᠳᠤᠨ ᠠᠪᠬᠤ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ ᠂ | ᠬᠤᠳᠠᠯᠳᠤᠨ ᠠᠪᠬᠤ ᠤᠬᠠᠮᠰᠠᠷ ᠢᠶᠠᠨ ᠴᠢᠩᠭᠠᠳᠬᠠᠵᠤ ᠂ ᠬᠤᠳᠠᠯᠳᠤᠨ ᠠᠪᠬᠤ ᠦᠵᠡᠯ ᠰᠠᠨᠠᠭ᠎ᠠ ᠪᠠᠨ ᠲᠥᠪ | ᠪᠣᠯᠭᠠᠵᠤ ᠂ ᠬᠤᠳᠠᠯᠳᠤᠨ ᠠᠪᠬᠤ ᠲᠡᠰ ᠳᠠᠷᠠᠭᠠᠯᠠᠯ ᠢ ᠵᠢᠷᠤᠮᠵᠢᠭᠤᠯᠵᠤ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ ᠂ ᠬᠤᠳᠠᠯᠳᠤᠨ ᠠᠪᠬᠤ ᠠᠵᠢᠯᠯᠠᠭ᠎ᠠ ᠶᠢᠨ ᠬᠠᠤᠯᠢ ᠶᠣᠰᠣᠨ ᠤ | ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠤᠴᠢᠷ ᠠᠴᠠ | ᠥᠴᠥᠬᠡᠨ ᠴᠦ ᠠᠯᠠᠩ ᠰᠠᠯᠠᠩ ᠪᠠᠶᠢᠵᠤ ᠪᠣᠯᠬᠤ ᠦᠭᠡᠢ ᠂ ᠥᠴᠥᠬᠡᠨ ᠴᠦ ᠠᠯᠳᠠᠭ᠎ᠠ ᠪᠤᠷᠤᠭᠤ ᠭᠠᠷᠭᠠᠵᠤ ᠪᠣᠯᠬᠤ | ᠦᠭᠡᠢ ᠃ ᠬᠤᠳᠠ ᠶᠢᠨ ᠭᠠᠯ ᠤᠨᠲᠠᠷᠠᠭᠠᠬᠤ ᠭᠠᠯ ᠰᠡᠷᠭᠡᠶᠢᠯᠡᠬᠦ ᠠᠮᠤᠷ ᠲᠥᠪᠰᠢᠨ ᠤ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠂ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠠᠩᠭᠠᠬᠤ | ᠲᠥᠬᠦᠭᠡᠷᠦᠮᠵᠢ ᠶᠢ ᠪᠥᠬᠦ ᠲᠠᠯ᠎ᠠ ᠪᠠᠷ ᠡᠩᠨᠡᠭᠦᠯᠥᠨ ᠪᠠᠶᠢᠴᠠᠭᠠᠵᠤ ᠂ ᠢᠯᠡ ᠣᠪᠣᠭᠠᠯᠠᠵᠤ ᠲᠠᠯᠪᠢᠭᠰᠠᠨ ᠬᠤᠭ | ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ ᠂ ᠭᠠᠯ ᠤᠨ ᠠᠶᠤᠯ ᠤᠨ ᠭᠡᠮ ᠰᠤᠭᠤᠭ ᠢ ᠴᠠᠭ ᠲᠤᠬᠠᠢ ᠳᠤᠨᠢ | ᠠᠷᠢᠯᠭᠠᠬᠤ ᠬᠡᠷᠡᠭᠲᠡᠢ ᠃ ᠢᠳᠡᠭᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠦ᠂ ᠪᠥᠬᠦ | ᠠᠵᠤ ᠦᠢᠯᠡᠰ ᠤᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠡᠬᠢ ᠡᠭᠦᠰᠦᠯ᠂ | ᠦᠢᠯᠡᠳᠪᠦᠷᠢᠯᠡᠵᠦ ᠡᠳ᠋ᠰᠢᠭᠦᠯᠬᠦ᠂ ᠪᠣᠷᠣᠯᠠᠭᠤᠯᠤᠨ ᠭᠦᠢᠯᠭᠡᠭᠡᠬᠦ ᠵᠡᠷᠭᠡ ᠵᠠᠩᠭᠢᠯᠠᠭ᠎ᠠ ᠠᠴᠠ ᠭᠠᠷᠳᠠᠵᠤ᠂ ᠨᠢᠭᠡ ᠨᠢᠭᠡ ᠪᠠᠷ | ᠡᠩᠨᠡᠭᠦᠯᠥᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠥᠨᠡᠨ ᠬᠦ ᠪᠠᠲᠤᠯᠠᠬᠤ ᠬᠡᠷᠡᠭᠲᠡᠢ ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠥᠨᠡᠨ ᠬᠦ ᠰᠠᠶᠢᠲᠤᠷ ᠬᠢᠵᠦ ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ | ᠴᠢᠩᠭ᠎ᠠ ᠡᠵᠡᠮᠳᠡᠵᠦ ᠂ ᠰᠤᠷᠭᠠᠭᠤᠯᠢ ᠶᠢᠨ ᠬᠦᠷᠢᠶᠡᠨ ᠤ ᠪᠠᠭᠰᠢ ᠶᠢᠨ ᠰᠤᠷᠲᠠᠯ ᠪᠠᠭᠰᠢ ᠶᠢᠨ ᠶᠣᠰᠣ ᠰᠤᠷᠲᠠᠬᠤᠨ ᠤ | ᠪᠠᠶᠢᠭᠤᠯᠤᠯᠲᠠ ᠶᠢ ᠴᠢᠩᠭᠠᠳᠬᠠᠵᠤ ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ | ᠴᠢᠬᠤᠯᠠᠴᠢᠯᠠᠵᠤ ᠂ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ | ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ | ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠰᠠᠨᠠᠭᠠᠴᠢᠯᠠᠭ᠎ᠠ ᠠᠴᠠ ᠪᠠᠨ | ᠡᠭᠦᠷᠭᠡ ᠪᠠᠨ ᠲᠠᠨᠢᠨ ᠠᠪᠴᠤ ᠂ ︽ ᠲᠠᠪᠤᠨ ᠶᠡᠭᠡ ᠡᠭᠦᠷᠭᠡ ︾ ᠶᠢᠨ ᠨᠠᠷᠢᠨ ᠬᠠᠭᠤᠳᠠᠰᠤ ᠳᠤ ᠲᠣᠭᠲᠠᠭᠠᠭᠰᠠᠨ | ᠵᠠᠩᠭᠢᠯᠠᠭ᠎ᠠ ᠶᠢᠨ ᠴᠡᠭ ᠶᠣᠰᠣᠭᠠᠷ ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ ᠂ ᠨᠡᠩ ᠥᠨᠳᠥᠷ | ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠠᠳᠬᠤᠬᠤ ᠬᠡᠷᠡᠭᠲᠡᠢ ᠃ ᠴᠢᠳᠠᠮᠠᠭᠠᠢ ᠪᠠᠷ ᠳ᠋ᠦᠩᠨᠡᠨ ᠪᠣᠯᠪᠠᠰᠤᠷᠠᠭᠤᠯᠵᠤ᠂ ᠰᠠᠶᠢᠨ ᠲᠤᠷᠰᠢᠯᠭ᠎ᠠ ᠶᠢ | ᠰᠢᠩᠭᠡᠬᠡᠨ ᠠᠪᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ | ᠪᠥᠬᠦ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠣᠶᠤᠨ ᠤᠬᠠᠭᠠᠨ ᠪᠠ ᠬᠦᠴᠦᠨ | ᠴᠢᠳᠠᠯ ᠢ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠳᠡᠭᠡᠷ᠎ᠡ ᠲᠥᠪᠯᠡᠷᠡᠭᠦᠯᠵᠦ᠂ ᠴᠤᠭᠭᠠᠷ ᠠᠳᠬᠤᠨ ᠬᠠᠮᠲᠤ ᠪᠠᠷ | ᠬᠠᠮᠢᠶᠠᠷᠬᠤ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠴᠣᠭᠯᠢᠭ ᠪᠠᠶᠢᠳᠠᠯ ᠢ ᠪᠣᠶ | ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠬᠤᠳᠠ ᠪᠣᠯ ᠰᠣᠶᠣᠯ ᠤᠨ ᠠᠴᠢᠶᠠᠯᠠᠪᠤᠷᠢ ᠮᠥᠨ᠂ ᠨᠣᠮ ᠤᠩᠰᠢᠬᠤ ᠪᠣᠯ ᠦᠵᠡᠯ ᠰᠠᠨᠠᠭᠠᠨ ᠤ | ᠦᠨᠳᠦᠰᠦ ᠰᠤᠷᠪᠤᠯᠵᠢ ᠮᠥᠨ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠂ ᠵᠦᠢ ᠵᠣᠬᠢᠰᠲᠠᠢ ᠪᠠᠷ ᠲᠥᠯᠥᠪᠵᠢᠭᠦᠯᠵᠦ ᠂ ᠵᠢᠷᠤᠭ ᠲᠥᠯᠥᠪᠯᠡᠭᠡ ᠪᠠᠨ ᠰᠢᠯᠢᠳᠡᠭᠵᠢᠭᠦᠯᠵᠦ ᠂ | ᠤᠳᠤ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠨ ᠂ ᠪᠣᠥ ᠱᠠᠨ ᠨᠣᠮ ᠤᠨ ᠦᠷᠦᠭᠡ ᠶᠢᠨ ᠪᠦᠲᠦᠭᠡᠨ | ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠂ ᠪᠣᠥ ᠱᠠᠨ | ᠨᠣᠮ ᠤᠨ ᠦᠷᠦᠭᠡ ᠶᠢ ᠤᠯᠠᠨ ᠲᠦᠮᠡᠨ ᠤ ᠤᠶᠤᠨ ᠰᠠᠨᠠᠭᠠᠨ ᠤ ᠰᠠᠭᠤᠷᠢᠰᠢᠯ ᠤᠨ ᠣᠷᠤᠨ ᠪᠣᠯᠭᠠᠵᠤ ᠂ ᠪᠦᠬᠦ | ᠠᠷᠠᠳ ᠤᠨ ᠤᠩᠰᠢᠯᠭ᠎ᠠ ᠶᠢ ᠤᠯᠠᠨ ᠲᠦᠮᠡᠨ ᠤ ᠠᠮᠢᠳᠤᠷᠠᠯ ᠳᠤ ᠦᠨᠡᠨ ᠬᠦ ᠠᠭᠤᠰᠬᠠᠵᠤ ᠂ ︽ ᠨᠣᠮ ᠤᠨ | ᠰᠤᠷᠪᠤᠯᠵᠢᠲᠤ ᠶᠤᠸᠠᠨ ᠪᠣᠥ ᠱᠠᠨ︾ ᠤ ᠪᠦᠲᠦᠭᠡᠨ ᠪᠠᠶᠢᠭᠤᠯᠤᠯᠲᠠ ᠳᠤ ᠰᠣᠶᠣᠯ ᠤᠨ ᠠᠭᠤᠯᠬᠤᠨ ᠨᠡᠮᠡᠷᠢᠯᠡᠬᠦ | ᠬᠡᠷᠡᠭᠲᠡᠢ ᠭᠡᠵᠦ ᠱᠠᠭᠠᠷᠳᠠᠵᠠᠢ᠃ | ᠬᠤᠷᠠᠯ ᠠᠴᠠ ᠂ ᠭᠤᠷᠪᠠᠨ ᠣᠷᠳᠣᠨ ᠳᠥᠷᠪᠡᠨ ᠲᠥᠪ ᠤᠨ ᠪᠦᠲᠦᠭᠡᠨ ᠪᠠᠶᠢᠭᠤᠯᠤᠯᠲᠠ ᠨᠢ ᠮᠥᠨ ᠴᠦ | ᠬᠤᠲᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠠᠷᠠᠳ ᠤᠨ ᠠᠮᠢᠳᠤᠷᠠᠯ ᠤᠨ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠢᠨᠵᠧᠨᠧᠷᠢᠩ ᠤᠨ ᠠᠮᠤᠷ ᠲᠦᠪᠰᠢᠨ ᠂ ᠶᠠᠰᠤ | ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠰᠢᠭᠤᠯᠵᠤ ᠂ ᠡᠬᠢ ᠪᠠᠶᠠᠯᠢᠭ ᠢ | ᠪᠦᠷᠢᠯᠭᠡᠬᠦ ᠶᠢ ᠬᠤᠷᠢᠭᠯᠠᠵᠤ ᠂ ᠣᠷᠳᠤᠨ ᠲᠠᠯᠠᠪᠤᠷ ᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠪᠡᠯᠡᠳᠬᠡᠯ | ᠠᠵᠢᠯ ᠢ ᠢᠳᠡᠪᠬᠢᠲᠡᠢ ᠰᠠᠶᠢᠲᠤᠷ ᠬᠢᠵᠦ ᠂ ᠤᠯᠠᠨ ᠲᠦᠮᠡᠨ ᠳᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠡᠷᠲᠡᠬᠡᠨ ᠡᠳ᠋ᠯᠡᠭᠦᠯᠥᠨ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | |