ᠶᠤᠸᠠᠨ ᠪᠦᠦ ᠱᠠᠨ ᠲᠣᠭᠤᠷᠢᠭ ︽ᠲᠠᠪᠤᠨ ᠶᠡᠭᠡ ᠡᠭᠦᠷᠭᠡ︾᠎ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/18
    1_副本.jpg
       4 ᠰᠠᠷ᠎ᠠ ᠶᠢᠨ 6᠎ ᠤ ᠡᠳᠦᠷ᠂ ᠶᠤᠸᠠᠨ ᠪᠦᠦ ᠱᠠᠨ ᠲᠣᠭᠤᠷᠢᠭ ︽ ᠲᠠᠪᠤᠨ ᠶᠡᠭᠡ ᠡᠭᠦᠷᠭᠡ︾᠎ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ︽ ᠲᠠᠪᠤᠨ ᠶᠡᠭᠡ ᠡᠭᠦᠷᠭᠡ︾᠎ ᠶᠢᠨ ᠡᠯ᠎ᠡ ᠲᠤᠰᠬᠠᠢ ᠳᠤᠭᠤᠶᠢᠯᠠᠩ ᠤᠨ ᠨᠢᠭᠡᠳᠦᠭᠡᠷ ᠤᠯᠠᠷᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃    ᠼᠤᠤ ᡁᠢ ᠶᠦᠩ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠡᠨ ᠬᠦ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ︽ ᠲᠠᠪᠤᠨ ᠶᠡᠭᠡ ᠡᠭᠦᠷᠭᠡ ︾ ᠎ ᠳᠤ ᠬᠠᠨᠳᠤᠵᠤ ᠂ ᠪᠢᠴᠢᠭ ᠮᠠᠲ᠋ᠧᠷᠢᠶᠠᠯ ᠢ ᠰᠠᠶᠢᠲᠤᠷ ᠰᠤᠷᠤᠯᠴᠠᠬᠤ ᠂ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠬᠤ ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠰᠢᠷᠭᠠᠭᠤ ᠬᠠᠲᠠᠭᠤᠵᠢᠯᠲᠠᠢ ᠥᠨᠡᠨ ᠪᠣᠳᠠᠲᠠᠢ ᠠᠵᠢᠯᠯᠠᠵᠤ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠪᠠ ︽ᠲᠠᠪᠤᠨ ᠶᠡᠭᠡ ᠡᠭᠦᠷᠭᠡ︾᠎ ᠶᠢᠨ ᠣᠨᠴᠠ ᠲᠣᠭᠲᠠᠭᠰᠠᠨ ᠱᠠᠭᠠᠷᠳᠠᠯᠭ᠎ᠠ ᠳᠤ ᠰᠠᠭᠤᠷᠢᠯᠠᠨ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠵᠢᠷᠤᠮᠯᠠᠨ ᠠᠬᠢᠭᠤᠯᠬᠤ ᠶᠢ ᠥᠨᠡᠨ ᠬᠦ ᠪᠠᠲᠤᠯᠠᠵᠤ᠂ ᠡᠯ᠎ᠡ ᠬᠦᠷᠢᠶᠡᠨ ᠤ ᠠᠵᠢᠯ ᠳᠤ ᠰᠣᠳᠣᠨ ᠪᠦᠲᠦᠭᠡᠯ᠂ ᠬᠢᠯᠠᠰ ᠴᠡᠭ᠂ ᠥᠨᠡᠲᠥ ᠲᠤᠷᠰᠢᠯᠭ᠎ᠠ ᠭᠠᠷᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠨᠡᠪᠲᠡᠷᠡᠯᠴᠡᠨ ᠵᠣᠯᠭᠠᠭᠤᠯᠬᠤ ᠶᠢ ᠴᠢᠨᠠᠭᠰᠢᠳᠠ ᠰᠠᠶᠢᠲᠤᠷ ᠬᠢᠵᠦ ᠂ ᠳᠡᠭᠡᠳᠦ ᠱᠠᠲᠤᠨ ᠤ ᠠᠰᠢᠭᠲᠠᠢ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠂ ᠲᠣᠬᠢᠷᠠᠭᠤᠯᠵᠤ ᠪᠠᠶᠢᠷᠢᠯᠠᠭᠤᠯᠬᠤ ᠪᠠ ᠵᠠᠳᠠᠯᠤᠨ ᠰᠤᠳᠤᠯᠵᠤ ᠮᠠᠭᠠᠳᠯᠠᠬᠤ ᠠᠵᠢᠯ ᠤᠨ ᠲᠣᠭᠲᠠᠴᠠ ᠶᠢ ᠴᠢᠩᠭᠠᠳᠬᠠᠵᠤ ᠂ ᠡᠯ᠎ᠡ ᠱᠠᠲᠤ ᠳᠠᠪᠬᠤᠷᠭ᠎ᠠ ᠂ ᠡᠯ᠎ᠡ ᠭᠤᠭᠴᠤᠭ᠎ᠠ ᠶᠢᠨ ᠠᠵᠢᠯ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠵᠠᠩ ᡁᠢ ᠸᠧᠢ ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠵᠤ ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠰᠠᠭᠤᠷᠢᠨ ᠳᠡᠭᠡᠷ᠎ᠡ ᠳᠣᠲᠣᠭᠠᠳᠤ ᠶᠢᠨ ᠬᠠᠷᠢᠭᠤᠴᠠᠯᠭ᠎ᠠ ᠪᠠᠨ ᠬᠤᠪᠢᠶᠠᠷᠢᠯᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ︽ ᠲᠠᠪᠤᠨ ᠶᠡᠭᠡ ᠡᠭᠦᠷᠭᠡ ︾᠎ ᠶᠢᠨ ᠡᠯ᠎ᠡ ᠵᠦᠢᠯ ᠤᠨ ᠠᠵᠢᠯ ᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠲᠠᠪᠤᠨ ᠶᠡᠭᠡ ᠡᠭᠦᠷᠭᠡ︾᠎ ᠶᠢᠨ ᠨᠠᠷᠢᠨ ᠬᠠᠭᠤᠳᠠᠰᠤ ᠳᠤ ᠲᠣᠭᠲᠠᠭᠠᠭᠰᠠᠨ ᠵᠠᠩᠭᠢᠯᠠᠭ᠎ᠠ ᠶᠢᠨ ᠴᠡᠭ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠠᠵᠢᠯ ᠤᠨ ᠤᠷᠤᠭᠰᠢ ᠠᠬᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠠᠵᠢᠯ ᠤᠨ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ ᠂ ᠠᠵᠢᠯ ᠤᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ ᠂ ᠲᠤᠷᠰᠢᠯᠭ᠎ᠠ ᠶᠢᠨ ᠢᠶᠠᠨ ᠬᠢᠯᠠᠰ ᠴᠡᠭ ᠢ ᠨᠠᠷᠢᠨ ᠬᠢᠨᠠᠮᠠᠭᠠᠢ ᠳ᠋ᠦᠩᠨᠡᠵᠦ ᠂ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠬᠦ ᠶᠢᠨ ᠬᠠᠮᠲᠤ ᠮᠥᠷᠳᠡᠨ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ ᠂ ︽ ᠲᠠᠪᠤᠨ ᠶᠡᠭᠡ ᠡᠭᠦᠷᠭᠡ ︾ ᠎ ᠶᠢ ᠪᠦᠬᠦ ᠲᠠᠯ᠎ᠠ ᠪᠠᠷ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃    ᠲᠣᠭᠤᠷᠢᠭ ᠤᠨ ᠤᠳᠤᠷᠢᠳᠤᠯᠭ᠎ᠠ ᠹᠦ᠋ ᠰᠢᠸ ᠾᠥᠢ᠂ ᠴᠢᠨ ᠶᠠᠨ ᠳ᠋ᠦᠩ ᠂ ᠵᠢᠶᠣᠣ ᠴᠢᠩ ᠳ᠋ᠦᠩ ᠂ ᠯᠢ ᠰᠢᠨ ᠢᠦᠢ ᠂ ᠬᠠᠨ ᠶᠠᠨ ᠵᠢᠶᠦ᠋ᠨ ᠂ ᠯᠤᠸᠠᠨ ᠶᠦᠨ ᠾᠧ ᠂ ᠯᠢ ᡁᠢ ᠭᠠᠩ ᠂ ᠯᠢᠦ ᠱᠤᠸᠠᠩ ᠂ ᠯᠢ ᠽᠥᠩ ᠮᠧᠩ᠂ ᠶᠢᠨ ᠮᠢᠩ ᠂ ᠫᠧᠩ ᠰᠢᠶᠣᠣ ᠵᠢᠤᠸᠠᠨ ᠂ ᠪᠦᠦ ᠶᠦᠨ ᠳ᠋ᠦᠩ ᠂ ᠶᠢᠨ ᠲᠧᠩ ᠵᠢᠶᠣᠣ ᠬᠤᠷᠠᠯ ᠳᠤ ᠣᠷᠣᠯᠴᠠᠪᠠ ᠃ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1