ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/4/18
    ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2023 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ︽2023 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠵᠢᠴᠢ ᠥᠯᠢᠭᠡᠷ ᠠᠪᠬᠤ ᠰᠢᠰᠲ᠋ᠧᠮ ᠤᠨ ᠰᠤᠷᠭᠠᠭᠤᠯᠢ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯᠯᠠᠭᠠᠨ ᠤ ᠭᠠᠷ ᠳᠡᠪᠲᠡᠷ︾᠎ ᠲᠤ ᠨᠠᠷᠢᠨ ᠲᠠᠶᠢᠯᠤᠮᠵᠢ ᠬᠢᠪᠡ︔ᠲᠣᠰ ᠤᠳᠠᠭᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠬᠠᠮᠢᠶ᠎ᠠ ᠪᠦᠬᠦᠢ ᠠᠵᠢᠯ ᠤᠨ ᠲᠤᠬᠠᠢ ᠪᠣᠳᠠᠲᠠᠢ ᠲᠣᠳᠣᠷᠬᠠᠶᠢᠯᠠᠯᠲᠠ ᠪᠠ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠤᠯᠭ᠎ᠠ ᠬᠢᠪᠡ᠃    4 ᠰᠠᠷ᠎ᠠ ᠶᠢᠨ 13᠎ ᠤ ᠡᠳᠦᠷ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ 19 ᠥᠯᠢᠭᠡᠷ ᠰᠤᠷᠭᠠᠭᠤᠯᠢ ᠵᠢᠴᠢ 18 ᠨᠡᠷ᠎ᠡ ᠬᠠᠷᠢᠭᠤᠴᠠᠯᠭᠠᠲᠤ ᠬᠢᠨᠠᠨ ᠪᠠᠶᠢᠴᠠᠭᠠᠭᠴᠢ ᠶᠢ ᠵᠣᠬᠢᠶᠠᠨ ᠪᠠᠶᠢᠭᠤᠯᠵᠤ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠤᠨ ᠬᠤᠷᠠᠯᠳᠤᠭᠤᠯᠤᠭᠰᠠᠨ 2023 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠲᠤᠬᠠᠢ ᠶᠢᠨ ᠲᠠᠯᠠᠪᠠᠶ ᠶᠢᠨ ᠬᠢᠨᠠᠨ ᠰᠢᠯᠭᠠᠬᠤ ᠠᠵᠢᠯ ᠤᠨ ᠲᠠᠰ ᠳᠠᠷᠠᠭᠠᠯᠠᠯ ᠪᠣᠯᠣᠨ ᠱᠠᠭᠠᠷᠳᠠᠯᠭ᠎ᠠ ᠪᠦᠬᠦᠢ ᠪᠣᠯᠪᠠᠰᠤᠷᠠᠭᠤᠯᠤᠯ ᠤᠨ ᠬᠤᠷᠠᠯ ᠳᠤ ᠰᠥᠯᠵᠢᠶᠡᠨ ᠳᠡᠭᠡᠷ᠎ᠡ ᠣᠷᠣᠯᠴᠠᠭᠤᠯᠵᠠᠢ᠃ 2023 ᠣᠨ ᠤ ᠬᠢᠨᠠᠨ ᠬᠡᠮᠵᠢᠬᠦ ᠠᠴᠠ ᠡᠮᠦᠨᠡᠬᠢ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠠᠵᠢᠯ ᠤᠨ ᠭᠤᠣᠯᠳᠠᠯᠭ᠎ᠠ ᠵᠢᠴᠢ ᠲᠤᠬᠠᠢ ᠶᠢᠨ ᠲᠠᠯᠠᠪᠤᠷ ᠤᠨ ᠰᠣᠷᠢᠯᠲᠠ ᠶᠢᠨ ᠠᠵᠢᠯ ᠤᠨ ᠴᠤᠪᠤᠷᠠᠯ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠵᠢᠴᠢ ᠥᠯᠢᠭᠡᠷ ᠠᠪᠬᠤ ᠰᠢᠰᠲ᠋ᠧᠮ ᠪᠠ ᠰᠦᠯᠵᠢᠶᠡᠨ ᠤ ᠰᠣᠷᠢᠯᠲᠠ ᠶᠢᠨ ᠰᠢᠰᠲ᠋ᠧᠮ ᠤᠨ ᠠᠵᠢᠯᠯᠠᠬᠤ ᠲᠠᠰ ᠳᠠᠷᠠᠭᠠᠯᠠᠯ ᠢ  ᠰᠤᠷᠤᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠦᠷᠨᠢᠭᠦᠯᠬᠦ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠤ ᠂ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠶᠢᠨ ᠦᠨᠳᠦᠰᠦᠨ ᠡᠭᠦᠷᠭᠡ ᠮᠥᠨ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠂ ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠵᠡᠯᠲᠡ ᠶᠢ ᠪᠣᠶ ᠪᠣᠯᠭᠠᠬᠤ᠂ ᠬᠥᠮᠥᠨ ᠬᠥᠮᠥᠵᠢᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠪᠠ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠯᠭᠠᠮ᠎ᠠ ᠬᠡᠷᠡᠭᠴᠡᠭᠡ ᠮᠥᠨ᠂ ᠡᠨᠡ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠬᠥᠭᠵᠢᠯᠲᠡ ᠶᠢᠨ ᠣᠳᠣᠬᠢ ᠪᠠᠶᠢᠳᠠᠯ ᠢ ᠲᠣᠳᠣᠷᠬᠠᠢ ᠣᠶᠢᠯᠠᠭᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃    ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠂ ᠵᠣᠭᠰᠣᠴᠠ ᠪᠠᠨ ᠳᠡᠭᠡᠭᠰᠢᠯᠡᠭᠦᠯᠦᠨ᠂ ᠰᠠᠨᠠᠭᠠᠴᠢᠯᠠᠭ᠎ᠠ ᠎ ᠠᠴᠠ ᠪᠠᠨ ᠠᠵᠢᠯᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ︔ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠬᠢᠨᠠᠮᠠᠭᠠᠢ ᠬᠡᠷᠡᠭᠵᠢᠭᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ︔ ᠬᠠᠷᠢᠭᠤᠴᠠᠯᠭ᠎ᠠ ᠪᠠᠨ ᠪᠠᠲᠤᠳᠬᠠᠨ᠂ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠣᠰ ᠤᠳᠠᠭᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1