ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠤᠸᠠᠨ ᠪᠦᠦ ᠱᠠᠨ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠠᠮ ᠬᠢᠨᠠᠯᠲᠠ ᠶᠢ ᠤᠭᠲᠤᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/4/19
    ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠠᠮ ᠬᠢᠨᠠᠯᠲᠠ ᠶᠢᠨ ᠪᠡᠯᠡᠳᠬᠡᠯ ᠠᠵᠢᠯ ᠢ ᠪᠠᠬᠢᠵᠢᠭᠦᠯᠦᠨ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠠᠮ ᠬᠢᠨᠠᠯᠲᠠ ᠶᠢ ᠤᠷᠤᠭᠰᠢᠲᠠᠢ ᠥᠩᠭᠡᠷᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 4 ᠰᠠᠷ᠎ᠠ ᠶᠢᠨ 6᠎ ᠤ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 5 ᠬᠥᠮᠥᠨ ᠶᠤᠸᠠᠨ ᠪᠦᠦ ᠱᠠᠨ ᠲᠣᠭᠤᠷᠢᠭ ᠲᠤ ᠢᠷᠡᠵᠦ ᠬᠢᠨᠠᠨ ᠵᠢᠯᠣᠭᠤᠳᠤᠨ ᠪᠠᠶᠢᠴᠠᠭᠠᠯᠲᠠ ᠬᠢᠵᠦ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠴᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠯᠲᠠ ᠬᠢᠪᠡ᠃     ᠰᠢᠪᠠᠳᠠᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠫᠢᠩᠵᠤᠸᠠᠩ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠪᠧᠢ ᠱᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳᠣᠲᠣᠭᠠᠳᠤ ᠲᠣᠭᠤᠷᠢᠯ ᠤᠨ ᠬᠤᠶᠢᠲᠤ ᠵᠠᠮ ᠤᠨ ᠬᠤᠭ ᠨᠣᠪᠰᠢ ᠶᠢ ᠪᠠᠭᠠᠰᠬᠠᠵᠤ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠰᠢᠨ ᠵᠢᠩ ᠼᠦᠨ ᠲᠣᠰᠬᠤᠨ᠂ ᠰᠢᠨ ᠹᠠ ᠳ᠋ᠢ ᠲᠠᠷᠢᠶᠠᠯᠠᠩ ᠤᠨ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠲᠠᠯᠠᠪᠤᠷ ᠭᠠᠵᠠᠷ ᠢ ᠲᠤᠬᠠᠢ ᠶᠢᠨ ᠭᠠᠵᠠᠷ ᠲᠤᠨᠢ ᠰᠢᠪᠠᠳᠠᠨ ᠵᠢᠯᠤᠭᠤᠳᠴᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠠᠵᠢᠯ ᠲᠥᠷᠥᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃    ᠪᠠᠶᠢᠴᠠᠭᠠᠯᠲᠠ ᠶᠢᠨ ᠳᠤᠮᠳᠠ᠂ ᠰᠢᠪᠠᠳᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠠᠮ ᠬᠢᠨᠠᠯᠲᠠ ᠶᠢ ᠤᠭᠲᠤᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠪᠠ ᠣᠯᠣᠭᠰᠠᠨ ᠦᠷ᠎ᠡ ᠪᠦᠲᠦᠮᠵᠢ ᠶᠢ ᠨᠤᠲᠠᠯᠠᠭᠰᠠᠨ ᠤ ᠬᠠᠮᠲᠤ ᠪᠠᠰᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠨ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ ᠬᠢᠨᠠᠨ ᠵᠢᠯᠤᠭᠤᠳᠬᠤ ᠳᠤᠭᠤᠶᠢᠯᠠᠩ ᠠᠴᠠ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠢᠳᠡᠪᠬᠢᠲᠡᠢ ᠥᠷᠨᠢᠭᠦᠯᠵᠦ᠂ ᠪᠠᠷᠢᠮᠵᠢᠶ᠎ᠠ ᠲᠠᠢ ᠬᠠᠷᠢᠴᠠᠭᠤᠯᠤᠨ ᠨᠠᠷᠢᠨ ᠬᠢᠨᠠᠮᠠᠭᠠᠢ ᠡᠩᠨᠡᠭᠦᠯᠥᠨ ᠪᠠᠶᠢᠴᠠᠭᠠᠵᠤ ᠂ ᠵᠣᠬᠢᠴᠠᠭᠤᠯᠤᠨ ᠵᠣᠯᠭᠠᠭᠤᠯᠬᠤ ᠶᠢ ᠰᠠᠶᠢᠲᠤᠷ ᠬᠢᠵᠦ ᠂ ᠠᠵᠢᠯ ᠤᠨ ᠬᠠᠮᠲᠤᠷᠠᠯ ᠤᠨ ᠬᠦᠴᠦᠨ ᠢ  ᠪᠥᠷᠢᠯᠳᠥᠬᠦᠯᠥᠨ᠂ ᠪᠠᠭᠤᠷᠠᠢ ᠭᠤᠭᠴᠤᠭ᠎ᠠ ᠳᠤ ᠴᠢᠭᠯᠡᠭᠦᠯᠵᠦ ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠬᠠᠮᠢᠶᠠᠷᠤᠯᠲᠠ ᠳᠤ ᠪᠠᠯᠠᠷᠬᠠᠢ ᠭᠠᠵᠠᠷ ᠪᠠᠶᠢᠬᠤ ᠦᠭᠡᠢ ᠂ ᠴᠣᠭᠴᠠᠯᠠᠨ ᠪᠠᠶᠢᠭᠤᠯᠬᠤ ᠳᠤ ᠥᠨᠴᠥᠭ ᠪᠣᠯᠤᠩ ᠥᠯᠡᠳᠡᠭᠡᠬᠦ ᠥᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ᠡᠭᠦᠨ ᠤ ᠬᠠᠮᠲᠤ ᠂ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠪᠠᠶᠢᠩᠭᠤ ᠶᠢᠨ ᠬᠠᠮᠢᠶᠠᠷᠤᠯᠲᠠ ᠶᠢ ᠴᠢᠩᠭᠠᠳᠬᠠᠵᠤ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1