ᠯᠢᠦ ᠱᠤᠸᠠᠩ ᠳᠠᠭᠠᠭᠠᠴᠢᠯᠠᠭᠰᠠᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/4/19
    4 ᠰᠠᠷ᠎ᠠ ᠶᠢᠨ 6᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠯᠢᠦ ᠱᠤᠸᠠᠩ ᠳᠠᠭᠠᠭᠠᠴᠢᠯᠠᠭᠰᠠᠨ ᠰᠤᠷᠭᠠᠭᠤᠯᠢ ᠶᠤᠸᠠᠨ ᠪᠦᠦ ᠱᠠᠨ ᠲᠣᠭᠤᠷᠢᠭ ᠤᠨ ᠱᠠᠨ ᠴᠢᠶᠠᠨ ᠳᠤᠮᠳᠠᠳᠤ ᠰᠤᠷᠭᠠᠭᠤᠯᠢ᠂ ᠶᠤᠸᠠᠨ ᠪᠦᠦ ᠱᠠᠨ ᠲᠣᠭᠤᠷᠢᠭ ᠤᠨ ᠰᠢ ᠴᠧᠩ ᠬᠡᠦᠬᠡᠳ ᠤᠨ ᠴᠡᠴᠡᠷᠯᠢᠭ ᠲᠤ ᠬᠦᠷᠴᠦ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠬᠤ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠠᠵᠢᠯ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠪᠠ ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠬᠢᠨᠠᠨ ᠵᠢᠯᠤᠭᠤᠳᠴᠤ ᠪᠠᠶᠢᠴᠠᠭᠠᠪᠠ᠃    ᠯᠢᠦ ᠱᠤᠸᠠᠩ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠤ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠ ᠬᠠᠷᠢᠭᠤᠴᠠᠯᠭ᠎ᠠ ᠶᠢᠨ ᠳᠦᠷᠢᠮ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠭᠠᠭᠠᠴᠢᠯᠠᠬᠤ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠬᠠᠮᠢᠶ᠎ᠠ ᠪᠦᠬᠦᠢ ᠠᠵᠢᠯ ᠤᠨ ᠡᠬᠡ ᠲᠠᠩᠰᠠ ᠶᠢᠨ ᠲᠡᠮᠳᠡᠭᠯᠡᠯ ᠪᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭᠠᠵᠢ ᠲᠥᠬᠦᠭᠡᠷᠦᠮᠵᠢ ᠵᠡᠷᠭᠡ ᠪᠠᠶᠢᠳᠠᠯ ᠢ ᠪᠠᠶᠢᠴᠠᠭᠠᠨ ᠦᠵᠡᠪᠡ᠃    ᠯᠢᠦ ᠱᠤᠸᠠᠩ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠨᠢ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠥᠪᠰᠢᠨ ᠲᠠᠢ ᠬᠤᠯᠪᠤᠭᠳᠠᠵᠤ ᠂ ᠰᠤᠷᠭᠠᠭᠤᠯᠢ ᠨᠤᠭᠤᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠢᠳᠡᠭᠡᠨ ᠤ ᠠᠮᠤᠷ ᠲᠦᠪᠰᠢᠨ ᠤ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠢᠳᠡᠭᠡᠨ ᠬᠤᠳᠠᠯᠳᠤᠨ ᠠᠪᠬᠤ᠂ ᠬᠤᠭᠤᠯᠠ ᠪᠠᠵᠠᠭᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ ᠵᠡᠷᠭᠡ ᠵᠠᠩᠭᠢᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠬᠢᠨᠠᠨ ᠵᠢᠯᠤᠭᠤᠳᠴᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠤᠷᠭᠠᠭᠤᠯᠢ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠭᠡᠮ ᠰᠤᠭᠤᠭ ᠢ ᠴᠠᠭ ᠲᠤᠬᠠᠢ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠪᠠᠬᠢ ᠪᠠᠶᠢᠭᠤᠯᠵᠤ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1