ᠶᠤᠸᠠᠨ ᠪᠦᠦ ᠱᠠᠨ ᠲᠣᠭᠤᠷᠢᠭ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠲᠠᠪᠤᠨ ᠶᠡᠭᠡ ᠡᠭᠦᠷᠭᠡ︾ ᠎ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/19
    4 ᠰᠠᠷ᠎ᠠ ᠶᠢᠨ 6᠎ ᠤ ᠡᠳᠦᠷ᠂ ᠶᠤᠸᠠᠨ ᠪᠦᠦ ᠱᠠᠨ ᠲᠣᠭᠤᠷᠢᠭ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠲᠠᠪᠤᠨ ᠶᠡᠭᠡ ᠡᠭᠦᠷᠭᠡ︾᠎ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠵᠢᠶᠣᠣ ᠴᠢᠩ ᠳ᠋ᠦᠩ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠪᠠ ᠃ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ 11 ᠮᠥᠩᠭᠦᠨ ᠭᠦᠢᠯᠭᠡᠭᠡᠨ ᠤ ᠪᠠᠶᠢᠭᠤᠯᠤᠮᠵᠢ ᠂ 35 ᠠᠵᠤ ᠠᠬᠤᠶᠢᠯᠠᠯ ᠤᠨ ᠬᠠᠷᠢᠭᠤᠴᠠᠯᠭᠠᠲᠠᠨ ᠵᠣᠯᠭᠠᠭᠤᠯᠬᠤ ᠬᠤᠷᠠᠯ ᠳᠤ ᠣᠷᠣᠯᠴᠠᠪᠠ ᠃ ᠵᠠᠩ ᡁᠢ ᠸᠧᠢ ᠡᠩ ᠲᠡᠷᠢᠭᠦᠨ ᠳᠤ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠠᠵᠤ ᠠᠬᠤᠶᠢᠯᠠᠯᠲᠠᠳ ᠤᠨ ᠤᠯᠠᠨ ᠵᠢᠯ ᠤᠨ ᠲᠤᠷᠰᠢ ᠮᠠᠨ ᠤ ᠲᠣᠭᠤᠷᠢᠭ ᠤᠨ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ︕    ᠵᠠᠩ ᡁᠢ ᠸᠧᠢ ᠂ ᠣᠶᠢᠷ᠎ᠠ ᠶᠢᠨ ᠵᠢᠯ ᠠᠴᠠ ᠂ ᠮᠠᠨ ᠤ ᠲᠣᠭᠤᠷᠢᠭ ᠢᠮᠠᠭᠲᠠ ᠠᠮᠠᠯᠠᠯᠲᠠ ᠪᠠᠨ ᠦᠢᠯᠡᠳᠦᠯᠭᠡᠵᠢᠭᠦᠯᠵᠦ ᠦᠨᠡᠨᠴᠢ ᠢᠲᠡᠭᠡᠮᠵᠢᠲᠡᠢ ᠪᠠᠶᠢᠬᠤ ᠶᠢ ᠵᠢᠷᠤᠮᠯᠠᠵᠤ ᠂ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠂ ᠲᠣᠮᠣ ᠲᠥᠰᠥᠯ ᠰᠠᠶᠢᠨ ᠲᠥᠰᠥᠯ ᠲᠠᠰᠤᠷᠠᠯᠳᠡ ᠦᠭᠡᠢ ᠦᠷᠭᠦᠯᠵᠢᠯᠡᠵᠦ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠠᠰᠤᠷᠠᠯᠳᠡ ᠦᠭᠡᠢ ᠪᠠᠬᠢᠵᠢᠪᠡ ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠮᠠᠨ ᠤ ᠲᠣᠭᠤᠷᠢᠭ ᠤᠨ ᠬᠥᠭᠵᠢᠯᠲᠡ ᠶᠢᠨ ᠲᠤᠬᠠᠢ ᠢᠲᠡᠭᠡᠯ ᠵᠣᠷᠢᠭ ᠢᠶᠠᠨ ᠦᠷᠭᠦᠯᠵᠢᠯᠡᠨ ᠪᠠᠲᠤᠳᠬᠠᠵᠤ ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠵᠣᠯᠭᠠᠭᠤᠯᠵᠤ ᠂ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠦᠢᠯᠡᠴᠢᠯᠡᠵᠦ ᠂ ᠠᠵᠤ ᠠᠬᠤᠶᠢᠯᠠᠯ ᠤᠨ ᠰᠣᠷᠪᠤᠯᠵᠢᠯᠠᠭ᠎ᠠ ᠶᠢ ᠴᠢᠩᠭᠠᠳᠬᠠᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠪᠡᠶ᠎ᠡ ᠳᠡᠭᠡᠨ ᠲᠣᠬᠢᠷᠠᠭᠤᠯᠤᠨ ᠨᠡᠩ ᠰᠠᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ  ᠭᠠᠷᠭᠠᠬᠤ ᠶᠢ ᠬᠦᠰᠡᠵᠦ ᠪᠠᠶᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠲᠦᠪᠰᠢᠨ ᠢ ᠰᠠᠶᠢᠲᠤᠷ ᠪᠠᠳᠠᠷᠠᠭᠤᠯᠵᠤ ᠂ ᠬᠦᠴᠦᠨ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠤ ᠠᠬᠤᠢ ᠶᠢᠨ ︽ ᠡᠭᠦᠳᠡ ᠪᠠᠨ ᠨᠡᠭᠡᠭᠡᠬᠦ ᠳᠤ ᠯᠠᠪᠳᠠᠭᠤᠨ ᠂ ᠰᠠᠶᠢᠨ ᠡᠬᠢᠯᠡᠯᠲᠡ ᠲᠠᠢ ᠪᠣᠯᠬᠤ ︾ ᠂ ︽ ᠤᠷᠢᠳᠠᠴᠢ ᠰᠢᠲᠠᠷ᠎ᠠ ︾ ᠎ ᠶᠢ ᠰᠠᠶᠢᠲᠤᠷ ᠲᠠᠯᠪᠢᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠷᠣᠨ ᠪᠦᠰᠡ ᠶᠢᠨ ᠬᠥᠭᠵᠢᠯᠲᠡ ᠶᠢᠨ ︽ ᠪᠦᠲᠦᠴᠡ ᠶᠢ ᠰᠢᠯᠢᠳᠡᠭᠵᠢᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ ︾ ︽ ᠠᠯᠤᠰ ᠤᠨ ᠪᠠᠶᠢᠳᠠᠯ ︾᠎ ᠢ ᠰᠠᠶᠢᠲᠤᠷ ᠪᠠᠶᠢᠷᠢᠯᠠᠭᠤᠯᠵᠤ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ ᠲᠠᠪᠤᠨ ᠶᠡᠭᠡ ᠡᠭᠦᠷᠭᠡ ︾᠎ ᠶᠢ ᠪᠡᠶᠡᠯᠡᠭᠦᠯᠵᠦ ᠦᠷ᠎ᠡ ᠪᠦᠲᠦᠮᠵᠢ ᠣᠯᠬᠤ ︽ ᠬᠠᠮ ᠠᠷᠭ᠎ᠠ ᠬᠡᠮᠵᠢᠶ᠎ᠡ ︾ ᠎ ᠶᠢ ᠰᠠᠶᠢᠲᠤᠷ ᠬᠡᠷᠡᠭᠵᠢᠭᠦᠯᠵᠦ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ ᠃ ᠡᠯ᠎ᠡ ᠠᠵᠤ ᠠᠬᠤᠶᠢᠯᠠᠯ ᠎ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠭᠤᠣᠯᠯᠠᠬᠤ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠴᠢᠩᠭᠠᠳᠬᠠᠬᠤ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ ᠪᠡᠯᠡ ᠮᠥᠩᠭᠦ ᠶᠢᠨ ᠳᠡᠮᠵᠢᠯᠭᠡ ᠣᠯᠬᠤ ᠪᠠᠷ ᠴᠢᠷᠮᠠᠶᠢᠵᠤ᠂ ᠠᠵᠤ ᠠᠬᠤᠶᠢᠯᠠᠯ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠦᠢᠯᠡᠳᠬᠦᠨ ᠤ ᠥᠷᠢᠰᠦᠯᠳᠦᠬᠦ ᠬᠦᠴᠦᠨ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠠᠵᠢᠯ ᠲᠥᠷᠥᠯ ᠤᠨ ᠳᠣᠲᠣᠷᠠᠬᠢ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠥᠨᠳᠥᠷ ᠪᠦᠲᠦᠮᠵᠢᠲᠡᠢ ᠦᠢᠯᠡᠴᠢᠯᠡᠵᠦ ᠂ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ ᠃ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠰᠣᠯᠢᠯᠴᠠᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠢᠲᠡᠭᠡᠮᠵᠢ ᠶᠢᠨ  ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠦᠨᠡᠨᠴᠢ ᠪᠠᠷ ᠬᠠᠮᠲᠤᠷᠠᠯᠴᠠᠵᠤ ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠵᠤ ᠂ ᠰᠡᠳᠬᠢᠯ ᠨᠢᠭᠡᠳᠦᠨ ᠬᠠᠮᠲᠤᠪᠠᠷ ᠤᠷᠤᠭᠰᠢᠯᠠᠵᠤ ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠳᠡᠭᠡᠷ᠎ᠡ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠮᠡᠳᠡᠭᠳᠡᠪᠡ ︔ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠣᠰ ᠲᠣᠰ ᠤᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠠᠨ ᠲᠠᠨᠢᠯᠴᠠᠭᠤᠯᠪᠠ ︔ ᠣᠯᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ︔ 4 ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠤᠬᠠᠢ ᠶᠢᠨ ᠲᠠᠯᠠᠪᠤᠷ ᠲᠤ ᠬᠠᠮᠲᠤᠷᠠᠨ ᠭᠡᠷ᠎ᠡ ᠲᠣᠭᠲᠠᠵᠤ᠂ ᠨᠡᠶᠢᠲᠡ 1.38 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠪᠠ᠃    ᠤᠯᠠᠭᠠᠨᠬᠠᠳᠠ ᠶᠢᠨ ᠬᠤᠩᠱᠠᠨ ᠱᠧᠩ ᠾᠥᠸᠧ ᠠᠮᠢᠳᠤ ᠪᠣᠳᠠᠰ ᠤᠨ ᠮᠠᠰ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠧᠢ ᠭᠤᠸᠠᠩ ᠲᠢᠩ ᠄    ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠪᠣᠯᠣᠨ ᠪᠠᠩᠬᠢ ᠶᠢᠨ ᠬᠤᠭᠤᠷᠣᠨᠳᠤ ᠡᠨᠡᠬᠦ ᠲᠠᠪᠴᠠᠩ ᠢ ᠪᠠᠶᠢᠭᠤᠯᠵᠤ ᠥᠭᠭᠦᠭᠰᠡᠨ ᠳᠤ ᠲᠠᠯᠠᠷᠬᠠᠵᠤ ᠂ ᠨᠢᠭᠤᠷᠳᠠᠨ ᠣᠶᠢᠯᠠᠭᠠᠯᠴᠠᠬᠤ ᠪᠠᠷ ᠳᠠᠮᠵᠢᠨ ᠠᠵᠤ ᠠᠬᠤᠶᠢᠯᠠᠯ ᠳᠤ ᠪᠡᠯᠡ ᠮᠥᠩᠭᠦ ᠴᠤᠭᠯᠠᠭᠤᠯᠬᠤ ᠲᠣᠬᠢᠶᠠᠯ ᠣᠯᠭᠤᠵᠤ ᠂ ᠠᠵᠤ ᠠᠬᠤᠶᠢᠯᠠᠯ ᠪᠣᠯᠤᠭᠰᠠᠨ ᠤ ᠬᠤᠪᠢ ᠳᠤ ᠠᠴᠢ ᠬᠠᠷᠢᠭᠤᠯᠠᠬᠤ ᠰᠡᠳᠬᠢᠯ ᠲᠠᠢ ᠪᠠᠶᠢᠵᠤ᠂ ᠥᠪᠡᠷ ᠤᠨ ᠠᠮᠵᠢᠯᠲᠠ ᠪᠦᠲᠦᠮᠵᠢ ᠪᠠᠷ ᠢᠶᠠᠨ ᠵᠠᠰᠠᠭ ᠤᠨ ᠣᠷᠳᠣᠨ ᠪᠣᠯᠣᠨ ᠪᠠᠩᠬᠢ ᠶᠢᠨ ᠠᠵᠤ ᠠᠬᠤᠶᠢᠯᠠᠯ ᠳᠤ ᠦᠵᠡᠭᠦᠯᠦᠭᠰᠡᠨ ᠳᠡᠮᠵᠢᠯᠭᠡ ᠳᠤ ᠠᠴᠢ ᠬᠠᠷᠢᠭᠤᠯᠠᠬᠤ ᠬᠡᠷᠡᠭᠲᠡᠢ ᠭᠡᠵᠡᠢ᠃    ᠤᠯᠠᠭᠠᠨᠬᠠᠳᠠ ᠶᠢᠨ ᠶᠤᠸᠠᠨ ᠪᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠼᠤᠤ ᠴᠢᠩ ᠵᠢᠶᠧ᠄    ᠤᠯᠠᠭᠠᠨᠬᠠᠳᠠ ᠶᠢᠨ ᠶᠤᠸᠠᠨ ᠪᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯ ᠡᠨᠡ ᠵᠢᠯ ᠤᠨ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠳᠤ ᠰᠢᠨ᠎ᠡ ᠪᠠᠷ ᠣᠷᠣᠵᠤ ᠰᠠᠭᠤᠭᠰᠠᠨ ᠠᠵᠤ ᠠᠬᠤᠶᠢᠯᠠᠯ ᠪᠣᠯᠣᠨ᠎ᠠ ᠃ ᠥᠨᠥᠳᠥᠷ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠳᠤ ᠲᠤᠶᠢᠯ ᠢᠶᠠᠷ ᠲᠠᠯᠠᠷᠬᠠᠵᠤ ᠪᠠᠶᠢᠨ᠎ᠠ ᠂ ᠡᠨᠡᠬᠦ ᠵᠠᠰᠠᠭ ᠤᠨ ᠣᠷᠳᠣᠨ ᠤ ᠪᠠᠶᠢᠭᠤᠯᠤᠭᠰᠠᠨ ᠲᠠᠪᠴᠠᠩ ᠳᠡᠭᠡᠷ᠎ᠡ ᠂ ᠮᠠᠨ ᠤ ᠠᠵᠤ ᠠᠬᠤᠶᠢᠯᠠᠯ ᠪᠠᠩᠬᠢ ᠶᠢᠨ ᠡᠮᠦᠨ᠎ᠡ ᠥᠪᠡᠷ ᠤᠨ ᠬᠦᠰᠡᠯ ᠱᠠᠭᠠᠷᠳᠠᠯᠭ᠎ᠠ ᠪᠠᠨ ᠰᠢᠭᠤᠳ ᠢᠯᠡᠳᠬᠡᠵᠦ ᠪᠣᠯᠬᠤ ᠪᠥᠭᠡᠳ ᠥᠪᠡᠷ ᠤᠨ ᠠᠵᠤ ᠠᠬᠤᠶᠢᠯᠠᠯ ᠳᠠᠭᠠᠨ ᠬᠠᠮᠤᠭ ᠠᠴᠠ ᠲᠣᠬᠢᠷᠠᠬᠤ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠰᠣᠩᠭᠤᠵᠤ ᠪᠣᠯᠣᠨ᠎ᠠ ᠭᠡᠵᠡᠢ᠃    ᠤᠯᠠᠭᠠᠨᠬᠠᠳᠠ ᠶᠢᠨ ᠶᠤᠸᠠᠨ ᠪᠦᠦ ᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠮᠧᠢ ᠯᠢᠩ ᠄    ᠤᠯᠠᠭᠠᠨᠬᠠᠳᠠ ᠶᠢᠨ ᠶᠤᠸᠠᠨ ᠪᠦᠦ ᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ᠂ ᠠᠷᠠᠳ ᠢᠷᠭᠡᠳ ᠪᠠ ᠠᠵᠤ ᠠᠬᠤᠶᠢᠯᠠᠯ ᠤᠨ ᠢᠲᠡᠭᠡᠯᠲᠡᠢ ︽ᠳᠣᠲᠣᠨᠣ︾ ᠪᠠᠩᠬᠢ ᠶᠢ ᠪᠠᠶᠢᠭᠤᠯᠤᠭᠰᠠᠭᠠᠷ ᠢᠷᠡᠵᠡᠶ᠃ 2023 ᠣᠨ ᠤ ᠭᠤᠣᠯ ᠠᠵᠢᠯ ᠪᠣᠯ ᠮᠥᠨᠴᠦ ᠵᠠᠰᠠᠭ ᠤᠨ ᠣᠷᠳᠣᠨ ᠤ ᠪᠠᠶᠢᠭᠤᠯᠤᠭᠰᠠᠨ ᠡᠨᠡᠬᠦ ᠲᠠᠪᠴᠠᠩ ᠢᠶᠠᠷ ᠳᠠᠮᠵᠢᠭᠤᠯᠵᠤ ᠂ ᠮᠠᠨ ᠤ ᠶᠤᠸᠠᠨ ᠪᠦᠦ ᠱᠠᠨ ᠤ ᠬᠠᠷᠢᠶ᠎ᠠ ᠣᠷᠣᠨ ᠤ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠳᠡᠮᠵᠢᠵᠦ ᠂ ᠠᠷᠠᠳ ᠤᠯᠠᠨ ᠰᠡᠳᠬᠢᠯ ᠬᠠᠨᠤᠮᠵᠢᠲᠠᠢ ᠂ ᠵᠠᠰᠠᠭ ᠤᠨ ᠣᠷᠳᠣᠨ ᠰᠠᠨᠠᠭ᠎ᠠ ᠠᠮᠤᠷ ᠂ ᠯᠠᠪᠳᠠᠭᠤᠨ ᠢᠶᠠᠷ ᠬᠤᠯᠠ ᠠᠶᠠᠯᠠᠭᠰᠠᠨ ᠡᠷᠡᠭᠦᠯ ᠥᠭᠡᠳᠡᠷᠬᠡᠭ ᠪᠠᠩᠬᠢ ᠪᠣᠯᠬᠤ ᠶᠢᠨ ᠲᠥᠯᠥᠭᠡ ᠶᠤᠮ ᠭᠡᠵᠡᠢ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1