ᠬᠤᠳᠠ ᠶᠢᠨ ᠨᠠᠮ ᠤᠨ ᠬᠤᠷᠢᠶᠠᠨ ᠤ ᠰᠢᠪᠠᠳᠠᠨ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2023/4/20
    4 ᠰᠠᠷ᠎ᠠ ᠶᠢᠨ 7᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠭᠠᠳᠠᠭᠠᠳᠤ ᠤᠬᠠᠭᠤᠯᠭ᠎ᠠ ᠶᠢᠨ ᠠᠯᠪᠠᠨ ᠭᠡᠷ ᠤᠨ ᠡᠷᠬᠢᠯᠡᠭᠴᠢ ᠴᠧᠨ ᠵᠥᠩ ᠽᠧ ᠬᠤᠲᠠ ᠶᠢᠨ ᠨᠠᠮ ᠤᠨ ᠬᠤᠷᠢᠶᠠᠨ ᠤ ᠰᠢᠪᠠᠳᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠰᠢᠸ ᠾᠥᠢ ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠶᠦᠨ ᠳ᠋ᠦᠩ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠪᠠᠷ᠎ᠠ ᠪᠣᠯᠵᠤ ᠰᠢᠪᠠᠳᠠᠨ ᠪᠠᠶᠢᠴᠠᠭᠠᠪᠠ᠃
1_副本.jpg
       ᠰᠢᠪᠠᠳᠠᠨ ᠪᠠᠶᠢᠴᠠᠭᠠᠬᠤ ᠳᠤᠭᠤᠶᠢᠯᠠᠩ ᠤᠨ ᠎ ᠬᠢᠨ ᠤᠷᠢᠳ ᠬᠤᠵᠢᠳ ᠫᠢᠩᠵᠤᠸᠠᠩ ᠪᠠᠯᠭᠠᠰᠤ ᠂ ᠦ᠋ ᡁᠢ ᠵᠢᠶᠠᠨ ᠲᠣᠰᠬᠤᠨ ᠂ ᠮᠤᠬᠤᠷ ᠭᠤᠣᠯ ᠪᠠᠯᠭᠠᠰᠤ ᠵᠡᠷᠭᠡ ᠭᠠᠵᠠᠷ ᠲᠤ ᠭᠦᠨᠵᠡᠭᠡᠶᠢᠷᠡᠵᠦ ᠂ ᠶᠠᠷᠢᠯᠴᠠᠨ ᠣᠶᠢᠯᠠᠭᠠᠯᠴᠠᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠂ ᠺᠠᠳ᠋ᠷᠴᠤᠳ ᠤᠨ ᠶᠠᠷᠢᠯᠴᠠᠭ᠎ᠠ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠮᠠᠨ ᠤ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ ᠃
2_副本.jpg
       ᠰᠢᠪᠠᠳᠠᠨ ᠪᠠᠶᠢᠴᠠᠭᠠᠬᠤ ᠳᠤᠭᠤᠶᠢᠯᠠᠩ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠪᠥᠬᠦᠨ ᠢ ᠪᠥᠷᠬᠦᠭᠦᠯᠬᠦ ᠶᠢ ᠴᠢᠨᠠᠭᠰᠢᠳᠠ ᠠᠬᠢᠭᠤᠯᠵᠤ ᠂ ᠵᠣᠬᠢᠶᠠᠨ ᠪᠠᠶᠢᠭᠤᠯᠤᠯᠲᠠ ᠶᠢ ᠪᠦᠬᠦᠨ ᠢ ᠪᠦᠷᠬᠦᠭᠦᠯᠬᠦ ᠂ ᠨᠠᠮ ᠤᠨ ᠭᠡᠰᠢᠭᠦᠨ ᠺᠠᠳ᠋ᠷ ᠢ ᠪᠦᠬᠦᠨ ᠢ ᠪᠦᠷᠬᠦᠭᠦᠯᠬᠦ ᠂ ᠤᠯᠠᠨ ᠲᠦᠮᠡᠨ ᠢ ᠪᠦᠬᠦᠨ ᠢ ᠪᠦᠷᠬᠦᠭᠦᠯᠬᠦ ᠂ ᠬᠡᠯᠪᠡᠷᠢ ᠶᠢᠨ ᠲᠠᠯ᠎ᠠ ᠪᠠᠷ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠬᠦ ᠶᠢ ᠪᠡᠶᠡᠯᠡᠭᠦᠯᠬᠦ ᠬᠡᠷᠡᠭᠲᠡᠢ ︔ ᠰᠠᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠯᠠᠮᠵᠢᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠢ ︔ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠰᠢᠪᠠᠳᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠶᠤᠸᠠᠨ ᠪᠣᠥ ᠱᠠᠨ ᠳᠤ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1