ᠶᠤᠸᠠᠨ ᠪᠦᠦ ᠱᠠᠨ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/20
   
1_副本.jpg
       4 ᠰᠠᠷ᠎ᠠ ᠶᠢᠨ 6᠎ ᠤ ᠡᠳᠦᠷ᠂ ᠶᠤᠸᠠᠨ ᠪᠦᠦ ᠱᠠᠨ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠪᠥᠬᠦ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠤᠭᠰᠠᠨ ᠶᠡᠷᠦᠩᠬᠡᠢ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠰᠢᠪᠲᠤᠯᠤᠯᠲᠠ ᠶᠢᠨ ᠠᠩᠭᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠤᠭᠤᠷᠢᠭ ᠤᠨ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ ᠵᠠᠩ ᡁᠢ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃    ᠼᠤᠤ ᡁᠢ ᠶᠦᠩ ᠴᠢᠬᠤᠯᠠᠴᠢᠯᠠᠭᠰᠠᠨ ᠨᠢ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠢᠵᠠᠮ ᠴᠣᠬᠢᠯᠭ᠎ᠠ ᠪᠠᠨ ᠪᠠᠲᠤᠯᠠᠵᠤ ᠂ ᠪᠠᠶᠢᠯᠳᠤᠬᠤ ᠠᠷᠭ᠎ᠠ ᠪᠠᠨ ᠰᠢᠯᠢᠳᠡᠭᠵᠢᠭᠦᠯᠵᠦ ᠂ ᠮᠠᠨ ᠤ ᠲᠤᠭᠤᠷᠢᠭ ᠤᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠪᠣᠯᠣᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠰᠢᠯᠢᠳᠡᠭ ᠲᠥᠰᠥᠯ ᠢ ᠴᠢᠩᠭ᠎ᠠ ᠠᠩᠬᠠᠷᠴᠤ ᠂ ᠵᠣᠯᠭᠠᠭᠤᠯᠵᠤ ᠨᠡᠪᠲᠡᠷᠡᠯᠴᠡᠭᠦᠯᠬᠦ ᠪᠠ ᠪᠠᠶᠢᠴᠠᠭᠠᠨ ᠰᠤᠳᠤᠯᠬᠤ ᠪᠠᠨ ᠴᠢᠩᠭᠠᠳᠬᠠᠵᠤ ᠂ ᠪᠦᠬᠦ ᠶᠠᠪᠤᠴᠠ ᠂ ᠪᠦᠬᠦ ᠲᠠᠯ᠎ᠠ ᠪᠠᠷ ᠦᠢᠯᠡᠴᠢᠯᠡᠭᠡ ᠪᠠᠲᠤᠯᠠᠪᠤᠷᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ ᠂ ᠭᠤᠣᠯᠳᠠᠯᠭ᠎ᠠ ᠲᠠᠢ ᠲᠥᠰᠥᠯ ᠢ ᠡᠷᠲᠡ ᠨᠠᠶᠢᠳᠠᠪᠤᠷᠢᠵᠢᠭᠤᠯᠵᠤ ᠂ ᠡᠷᠲᠡ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠃ ᠡᠬᠢ ᠪᠠᠶᠠᠯᠢᠭ ᠤᠨ ᠡᠯᠧᠮᠧᠨ᠋ᠲ ᠤᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ ᠂ ᠬᠦᠯᠢᠶᠡᠵᠦ ᠳᠡᠶᠢᠯᠬᠦ ᠦᠭᠡᠢ ᠂ ᠤᠳᠠᠭᠠᠰᠢᠷᠠᠭᠤᠯᠵᠤ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ︽ ᠭᠠᠵᠠᠷ ᠰᠢᠷᠣᠢ ᠂ ᠤᠰᠤ ᠂ ᠴᠠᠬᠢᠯᠭᠠᠨ ︾ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠠᠩᠭᠠᠯᠭ᠎ᠠ ᠶᠢ ᠪᠠᠲᠤᠯᠠᠵᠤ ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠰᠥᠯ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠲᠥᠰᠥᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠬᠢᠨᠠᠨ ᠵᠥᠪᠰᠢᠶᠡᠷᠡᠬᠦ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠂ ᠪᠦᠬᠦ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠣᠯᠡᠮ ᠶᠡᠭᠡ ᠰᠢᠪᠲᠤᠯᠤᠯᠲᠠ ᠲᠠᠢ ᠪᠣᠯᠬᠤ ᠶᠢ ᠨᠡᠩ ᠬᠠᠯᠠᠭᠤᠨ ᠰᠡᠳᠬᠢᠯᠭᠡ ᠨᠡᠩ ᠡᠷᠴᠢ ᠵᠣᠷᠢᠭ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠵᠠᠩ ᡁᠢ ᠸᠧᠢ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ ᠂ ᠲᠥᠰᠥᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ ᠂ ᠲᠤᠰᠬᠠᠢ ᠠᠩᠭᠢ ᠪᠠᠶᠢᠭᠤᠯᠤᠨ ᠠᠵᠤ ᠠᠬᠤᠶᠢᠯᠠᠯ ᠳᠤ ᠤᠨᠢᠨ ᠳᠡᠭᠡᠷ᠎ᠡ ᠨᠢ ᠦᠢᠯᠡᠴᠢᠯᠡᠭᠡ ᠬᠠᠩᠭᠠᠵᠤ ᠂ ᠠᠵᠤ ᠠᠬᠤᠶᠢᠯᠠᠯ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠥᠨᠡᠨ ᠬᠦ ᠠᠬᠢᠭᠤᠯᠬᠤ ᠬᠡᠷᠡᠭᠲᠡᠢ ᠃ ᠬᠢᠴᠢᠶᠡᠯ ᠰᠤᠷᠤᠯᠭ᠎ᠠ ᠪᠠᠨ ᠭᠦᠢᠴᠡᠳ ᠬᠢᠵᠦ᠂ ᠮᠠᠨ ᠤ ᠲᠤᠭᠤᠷᠢᠭ ᠤᠨ ᠣᠷᠣᠵᠤ ᠰᠠᠭᠤᠬᠤ ᠳᠠᠪᠠᠭᠤᠯᠢᠭ ᠵᠢᠴᠢ ᠣᠨᠴᠠᠯᠢᠭ ᠢ ᠭᠦᠢᠴᠡᠳ ᠣᠶᠢᠯᠠᠭᠠᠬᠤ ᠶᠢᠨ ᠬᠠᠮᠲᠤ᠂ ᠠᠵᠤ ᠠᠬᠤᠶᠢᠯᠠᠯ ᠯᠤᠭ᠎ᠠ ᠨᠡᠪᠲᠡᠷᠡᠯᠴᠡᠨ ᠲᠠᠨᠢᠯᠴᠠᠭᠤᠯᠬᠤ ᠪᠠᠨ ᠴᠢᠩᠭᠠᠳᠬᠠᠵᠤ᠂ ᠬᠤᠳᠠᠯᠳᠤᠭᠠᠴᠢᠨ ᠤᠷᠢᠬᠤ ︽ᠭᠠᠳᠠᠭᠰᠢ ᠭᠠᠷᠬᠤ︾᠎ ᠶᠢ ᠰᠠᠶᠢᠲᠤᠷ ᠬᠢᠬᠦ ᠶᠢᠨ ᠬᠠᠮᠲᠤ᠂ ᠠᠵᠤ ᠠᠬᠤᠶᠢᠯᠠᠯ ᠤᠨ ︽ᠤᠷᠢᠵᠤ ᠠᠪᠴᠢᠷᠠᠬᠤ︾᠎ ᠶᠢ ᠤᠯᠠᠮ ᠨᠢᠭᠡ ᠠᠯᠬᠤᠮ ᠭᠦᠨᠵᠡᠭᠡᠢ ᠣᠶᠢᠯᠠᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠣᠨᠴᠠᠯᠢᠭ ᠵᠢᠴᠢ ᠳᠠᠭᠠᠭᠠᠴᠠ ᠶᠢᠨ ᠴᠢᠳᠠᠪᠤᠷᠢ ᠶᠢᠨ ᠲᠣᠭᠤᠷᠢᠨ ᠳᠤ ᠭᠦᠨᠵᠡᠭᠡᠢ ᠰᠤᠳᠤᠯᠤᠨ ᠮᠠᠭᠠᠳᠯᠠᠵᠤ᠂ ᠮᠠᠨ ᠤ ᠲᠤᠭᠤᠷᠢᠭ ᠤᠨ ᠪᠣᠳᠠᠲᠠᠢ ᠳᠤ ᠨᠡᠶᠢᠴᠡᠬᠦ ᠲᠣᠮᠣ ᠲᠥᠰᠥᠯ ᠂ ᠰᠠᠶᠢᠨ ᠲᠥᠰᠥᠯ ᠢ ᠪᠥᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠮᠤᠭ ᠤᠨ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ ᠂ ᠲᠠᠪᠴᠠᠩ ᠤᠨ ᠤᠬᠠᠭᠤᠯᠭ᠎ᠠ ᠂ ᠺᠠᠳ᠋ᠷ ᠤᠨ ᠴᠡᠭ ᠲᠤ ᠰᠠᠭᠤᠬᠤ ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠵᠡᠷᠭᠡ ᠤᠳᠤ ᠦᠶ᠎ᠡ ᠶᠢᠨ ᠠᠷᠠᠯᠵᠢᠶᠠᠴᠢᠨ ᠤᠷᠢᠬᠤ ᠰᠢᠨ᠎ᠡ ᠵᠠᠭᠪᠤᠷ ᠢᠶᠠᠷ ᠨᠡᠩ ᠤᠯᠠᠨ ᠲᠥᠰᠥᠯ ᠤᠨ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠬᠦ ᠬᠡᠷᠡᠭᠲᠡᠢ ᠭᠡᠵᠦ ᠱᠠᠭᠠᠷᠳᠠᠵᠠᠢ᠃    ᠲᠣᠭᠤᠷᠢᠭ ᠤᠨ ᠤᠳᠤᠷᠢᠳᠤᠯᠭ᠎ᠠ ᠯᠢ ᠺᠠᠢ ᠂ ᠹᠦ᠋ ᠰᠢᠸ ᠾᠥᠢ᠂ ᠴᠢᠨ ᠶᠠᠨ ᠳ᠋ᠦᠩ ᠂ ᠵᠢᠶᠣᠣ ᠴᠢᠩ ᠳ᠋ᠦᠩ ᠂ ᠬᠠᠨ ᠶᠠᠨ ᠵᠢᠶᠦ᠋ᠨ ᠂ ᠶᠢᠨ ᠮᠢᠩ ᠂ ᠫᠧᠩ ᠰᠢᠶᠣᠣ ᠵᠢᠤᠸᠠᠨ ᠂ ᠪᠦᠦ ᠶᠦᠨ ᠳ᠋ᠦᠩ ᠂ ᠤᠯᠠᠭᠠᠨᠬᠠᠳᠠ ᠬᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠬᠤᠷᠠᠯ ᠳᠤ ᠣᠷᠣᠯᠴᠠᠪᠠ ᠃ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1