ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠎ ᠶᠢᠨ ᠠᠬᠢᠭᠤᠯᠬᠤ ᠳᠦᠷᠢᠮ︾᠎ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/20
    4 ᠰᠠᠷ᠎ᠠ ᠶᠢᠨ 7᠎ ᠤ ᠡᠳᠦᠷ᠂ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠰᠥᠩ ᠭᠧ᠂ ᠬᠤᠲᠠ ᠶᠢᠨ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠾᠥᠸᠧ ᠬᠦᠶ ᠯᠢᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠲᠣᠭᠤᠷᠢᠭ ᠲᠤ ᠢᠷᠡᠵᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠎ ᠶᠢᠨ ᠠᠬᠢᠭᠤᠯᠬᠤ ᠳᠦᠷᠢᠮ︾᠎ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠰᠢᠸ ᠾᠥᠢ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠹᠠᠨ ᠰᠢᠶᠣᠣ ᠴᠢᠦ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠺᠣᠮᠢᠰ ᠤᠨ ᠠᠯᠪᠠᠨ ᠭᠡᠷ ᠤᠨ ᠡᠷᠬᠢᠯᠡᠭᠴᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠡᠩ ᠲᠡᠷᠢᠭᠦᠨ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠬᠡᠰᠡᠭ ᠪᠦᠷᠢᠯᠳᠦᠭᠦᠨ ᠨᠢᠭᠡᠴᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ︽ᠨᠢᠭᠡ ᠬᠠᠤᠯᠢ ᠨᠢᠭᠡ ᠳᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠪᠠᠨ ᠬᠠᠷᠢᠭᠤ ᠮᠡᠳᠡᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠮᠠᠨ ᠤ ᠲᠣᠭᠤᠷᠢᠭ ᠤᠨ ᠡᠯ᠎ᠡ ᠪᠦᠷᠢᠯᠳᠦᠭᠦᠨ ᠨᠢᠭᠡᠴᠢ ᠶᠢᠨ ︽ᠨᠢᠭᠡ ᠬᠠᠤᠯᠢ ᠨᠢᠭᠡ ᠳᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠣᠯᠣᠭᠰᠠᠨ ᠠᠮᠵᠢᠯᠲᠠ ᠶᠢ ᠭᠦᠢᠴᠡᠳ ᠨᠣᠲᠠᠯᠠᠬᠤ ᠶᠢᠨ ᠬᠠᠮᠲᠤ᠂ ᠭᠡᠷ ᠪᠦᠯᠢ ᠶᠢᠨ ᠬᠥᠮᠦᠵᠢᠯ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠠᠰᠠᠭ ᠤᠨ ᠣᠷᠳᠣᠨ ᠤ ᠠᠬᠢᠭᠤᠯᠤᠯᠲᠠ ᠶᠢ ᠴᠢᠩᠭᠠᠳᠬᠠᠨ ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ︔ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠠᠵᠢᠯ ᠬᠤᠪᠢᠶᠠᠷᠢᠯᠠᠨ ᠬᠠᠷᠢᠭᠤᠴᠠᠯᠭ᠎ᠠ ᠡᠭᠦᠷᠭᠡᠯᠡᠬᠦ ᠶᠢ ᠲᠣᠳᠣᠷᠬᠠᠶᠢᠯᠠᠵᠤ ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ︔ ᠠᠷᠭ᠎ᠠ ᠬᠡᠯᠪᠡᠷᠢ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠮᠥᠵᠢᠭᠦᠯᠦᠯ ᠢ ᠴᠢᠩᠭᠠᠳᠬᠠᠵᠤ᠂ ᠭᠡᠷ ᠪᠦᠯᠢ ᠶᠢᠨ ᠬᠥᠮᠦᠵᠢᠯ ᠤᠨ ᠠᠵᠢᠯ ᠤᠨ ᠲᠤᠰᠬᠠᠶᠢᠵᠢᠯᠲᠠ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
2_副本.jpg
       ᠳᠠᠷᠠᠭ᠎ᠠ ᠪᠠᠷ ᠨᠢ ᠬᠤᠷᠠᠯᠳᠤᠭᠤᠯᠤᠭᠰᠠᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠵᠢᠯ ᠤᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ︽ ᠨᠢᠭᠡ ᠬᠠᠤᠯᠢ ᠨᠢᠭᠡ ᠳᠦᠷᠢᠮ ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠᠬᠢ ᠪᠣᠳᠠᠲᠠᠢ ᠠᠷᠭ᠎ᠠ ᠶᠢ ᠬᠠᠷᠢᠭᠤ ᠮᠡᠳᠡᠭᠦᠯᠵᠡᠢ ᠃ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠂ ᠥᠷᠭᠡᠨ ᠳᠡᠯᠭᠡᠷᠡᠩᠭᠦᠢ ᠪᠠᠷ ᠤᠬᠠᠭᠤᠯᠤᠨ ᠬᠥᠲᠥᠯᠥᠨ ᠵᠢᠯᠤᠭᠤᠳᠴᠤ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠣᠨᠴᠠᠯᠢᠭ ᠨᠢ ᠢᠯᠡ ᠲᠣᠳᠣ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠭᠡᠷ ᠪᠦᠯᠢ ᠶᠢᠨ ᠬᠥᠮᠦᠵᠢᠯ ᠤᠨ ᠤᠬᠠᠭᠤᠯᠤᠨ ᠳᠡᠯᠭᠡᠨ ᠦᠵᠡᠭᠦᠯᠬᠦ ᠪᠠ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ︔ ᠤᠷᠮᠠᠰᠢᠭᠤᠯᠤᠨ ᠬᠠᠯᠠᠮᠵᠢᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠰᠢᠯᠢᠳᠡᠭ ᠨᠡᠶᠢᠲᠡᠯᠢᠭ ᠭᠡᠷ ᠪᠦᠯᠢ ᠶᠢ ᠪᠣᠢ ᠪᠣᠯᠭᠠᠵᠤ᠂ ᠮᠡᠷᠭᠡᠳ ᠠᠴᠠ ᠲᠠᠭᠠᠨ ᠰᠤᠷᠤᠯᠴᠠᠬᠤ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠳᠤ ᠬᠦᠷᠴᠦ᠂ ᠭᠡᠷ ᠪᠦᠯᠢ ᠶᠢᠨ ᠲᠠᠩᠰᠠ ᠡᠪᠬᠡᠮᠡᠯ ᠪᠠ ᠠᠵᠢᠯᠯᠠᠭ᠎ᠠ ᠶᠢᠨ ᠲᠡᠮᠳᠡᠭᠯᠡᠯ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠦᠵᠡᠵᠦ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠲᠡᠳᠬᠦᠵᠦ ᠰᠤᠷᠭᠠᠨ ᠬᠥᠮᠥᠵᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠵᠠᠢ ︔ ᠫᠢᠩᠵᠤᠸᠠᠩ ᠤᠨ ᠰᠢ ᠴᠧᠩ ᠵᠡᠭᠡᠯᠢ ᠭᠤᠳᠤᠮᠵᠢ ᠶᠢᠨ ᠸᠠᠩ ᠹᠦ᠋ ᠨᠡᠶᠢᠭᠡᠮ ᠲᠣᠭᠤᠷᠢᠭ ᠲᠤ ᠬᠦᠷᠴᠦ ᠂ ᠭᠡᠷ ᠤᠨ ᠠᠬᠠᠮᠠᠳ ᠤᠨ ᠲᠥᠯᠥᠭᠡᠯᠡᠭᠴᠢ ᠲᠠᠢ ︽ ᠨᠢᠭᠡ ᠬᠠᠤᠯᠢ ᠨᠢᠭᠡ ᠳᠦᠷᠢᠮ ︾᠎ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1