ᠥᠪᠥᠷ ᠮᠣᠩᠭᠤᠯ ᠤᠨ ᠱᠤᠸᠠᠩ ᠯᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠫᠢᠨᠠᠺᠥᠯᠢᠨ ᠲᠥᠰᠥᠯ ᠢ ᠨᠢᠭᠡᠨᠲᠡ ᠪᠠᠶᠢᠭᠤᠯᠵᠤ ᠳᠠᠭᠤᠰᠬᠠᠪᠠ
ᠨᠡᠶᠢᠲᠡᠯᠡᠭᠰᠡᠨ ᠴᠠᠭ᠄
2023/4/21
    ᠶᠡᠷᠦᠩᠬᠡᠢ ᠪᠡᠯᠡ ᠣᠷᠤᠭᠤᠯᠤᠯᠲᠠ ᠨᠢ 1.04 ᠳ᠋ᠦᠩᠰᠢᠭᠤᠷ ᠲᠥᠭᠦᠷᠢᠭ ᠲᠤ ᠬᠦᠷᠦᠭᠰᠡᠨ ᠥᠪᠥᠷ ᠮᠣᠩᠭᠤᠯ ᠤᠨ ᠱᠤᠸᠠᠩ ᠯᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 15000 ᠲᠣᠨ ᠫᠢᠨᠠᠺᠥᠯᠢᠨ ᠥᠢᠯᠡᠳᠪᠥᠷᠢᠯᠡᠬᠦ ᠲᠥᠰᠥᠯ ᠢ 4 ᠰᠠᠷ᠎ᠠ ᠶᠢᠨ 15᠎ ᠤ ᠡᠳᠦᠷ ᠲᠤᠷᠰᠢᠨ ᠦᠢᠯᠡᠳᠪᠦᠷᠢᠯᠡᠬᠦ ᠪᠠᠷ ᠵᠢᠱᠢᠵᠦ ᠪᠣᠶ᠃ ᠲᠤᠰ ᠲᠥᠰᠥᠯ ᠨᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ ᠂ 33000 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ ᠂ ᠭᠤᠣᠯᠳᠠᠭᠤ ᠲᠥᠪ ᠤᠨ ᠡᠵᠡᠮᠰᠢᠯ ᠤᠨ ᠲᠠᠰᠤᠭ ᠂ ᠰᠢᠨᠵᠢᠯᠡᠨ ᠰᠢᠯᠭᠠᠬᠤ ᠲᠠᠰᠤᠭ ᠂ ᠳᠠᠪᠤᠰᠤᠨ ᠬᠦᠴᠢᠯ ᠤᠨ ᠰᠠᠪᠠᠯᠠᠬᠤ ᠲᠣᠭᠤᠷᠢᠭ ᠂ ᠪᠦᠲᠦᠭᠡᠭᠳᠡᠬᠦᠨ ᠪᠣᠯᠣᠨ ᠣᠨᠳᠣᠣ ᠫᠢᠨᠠᠺᠥᠯᠢᠨ ᠤ ᠰᠠᠪᠠᠯᠠᠬᠤ ᠲᠣᠭᠤᠷᠢᠭ ᠵᠡᠷᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠠᠢ ᠃ ᠣᠳᠣᠬᠠᠨ ᠳᠤ ᠲᠣᠰ ᠲᠥᠰᠥᠯ ᠢ ᠨᠢᠭᠡᠨᠲᠡ ᠪᠠᠶᠢᠭᠤᠯᠵᠤ ᠳᠠᠭᠤᠰᠬᠠᠭᠠᠳ᠂ ᠵᠢᠱᠢᠯᠲᠡ ᠪᠠᠷ 4 ᠰᠠᠷ᠎ᠠ ᠶᠢᠨ 15᠎ ᠤ ᠡᠳᠦᠷ ᠲᠤᠷᠰᠢᠨ ᠦᠢᠯᠡᠳᠪᠦᠷᠢᠯᠡᠨ᠎ᠡ᠃ ᠲᠥᠰᠥᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ 2 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ᠂ 2000 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 50 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1