ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠰᠢᠭ ᠣᠷᠤᠯᠭ᠎ᠠ ᠳᠤ ᠲᠦᠰᠢᠭᠯᠡᠨ ᠬᠤᠶᠠᠳᠤᠭᠠᠷ ᠤᠯᠠᠷᠢᠯ ᠤᠨ ᠠᠩᠬᠠᠨ ᠤ ᠬᠠᠭᠤᠳᠠᠰᠤ ᠪᠠᠨ ᠰᠡᠬᠦᠪᠡ
ᠨᠡᠶᠢᠲᠡᠯᠡᠭᠰᠡᠨ ᠴᠠᠭ᠄
2023/4/21
    ᠫᠢᠩᠵᠤᠸᠠᠩ ᠪᠠᠯᠭᠠᠰᠤ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠠᠰᠢᠭ ᠣᠷᠤᠯᠭ᠎ᠠ ᠳᠤ ᠲᠦᠰᠢᠭᠯᠡᠨ ᠂ ᠬᠤᠶᠠᠳᠤᠭᠠᠷ ᠤᠯᠠᠷᠢᠯ ᠤᠨ ᠠᠩᠬᠠᠨ ᠤ ᠬᠠᠭᠤᠳᠠᠰᠤ ᠪᠠᠨ ᠰᠡᠬᠦᠪᠡ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠴᠧᠩ ᠰᠢᠤᠸᠠᠨ ᠦᠨ᠎ᠡ ᠬᠠᠶᠠᠵᠤ ᠬᠤᠳᠠᠯᠳᠤᠬᠤ ᠺᠣᠮᠫᠠᠨᠢ ᠲᠠᠢ ᠬᠠᠮᠲᠤᠷᠠᠯᠴᠠᠭ᠎ᠠ ᠲᠣᠭᠲᠠᠵᠤ ᠂ ᠲᠥᠰᠥᠯ ᠢ ᠭᠤᠶᠤᠴᠢᠯᠠᠨ ᠮᠡᠳᠡᠭᠦᠯᠬᠦ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠲᠤᠬᠠᠢ ᠶᠢᠨ ᠲᠠᠯᠠᠪᠤᠷ ᠲᠤ ᠦᠨ᠎ᠡ ᠬᠠᠶᠠᠯᠴᠠᠬᠤ ᠵᠡᠷᠭᠡ ᠶᠠᠪᠤᠴᠠ ᠶᠣᠰᠣᠭᠠᠷ᠂ ᠭᠠᠵᠠᠷ ᠰᠢᠷᠣᠢ ᠶᠢᠨ ᠲᠥᠰᠥᠯ ᠢ ᠰᠦᠯᠵᠢᠶᠡᠨ ᠳᠤ ᠲᠠᠯᠪᠢᠨ ᠳᠥᠷᠢᠶᠡᠰᠥᠯᠡᠭᠦᠯᠪᠡ᠃ ᠥᠷᠢᠰᠦᠯᠳᠦᠭᠡᠨ ᠳᠤ ᠠᠮᠵᠢᠯᠲᠠ ᠤᠯᠤᠭᠴᠢ ᠨᠢ ᠲᠤᠬᠠᠢ ᠶᠢᠨ ᠲᠠᠯᠠᠪᠤᠷ ᠲᠤ ᠲᠤᠰᠬᠤᠨ ᠤ ᠬᠠᠮᠲᠤ ᠶᠢᠨ ︵ᠬᠤᠪᠢ ᠣᠷᠣᠭᠤᠯᠤᠭᠰᠠᠨ︶ ᠠᠵᠤ ᠠᠬᠤᠢ ᠶᠢᠨ ᠬᠤᠷᠰᠢᠶ᠎ᠠ ᠲᠠᠢ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠲᠦᠷᠢᠶᠡᠰᠦᠯᠡᠭᠦᠯᠬᠦ ᠭᠡᠷ᠎ᠡ︾ ᠲᠣᠭᠲᠠᠵᠠᠢ᠃ 4 ᠰᠠᠷ᠎ᠠ ᠶᠢᠨ 10᠎ ᠤ ᠡᠳᠦᠷ ᠂ ᠫᠢᠩᠵᠤᠸᠠᠩ ᠪᠠᠯᠭᠠᠰᠤᠨ ᠤ ᠰᠢᠨ ᠵᠢᠩ ᠲᠣᠰᠬᠤᠨ ᠤ 44.5 ᠮᠦ ᠲᠤᠰᠬᠤᠨ ᠤ ᠠᠷᠠᠳ ᠤᠨ ᠬᠤᠪᠢ ᠣᠷᠣᠭᠤᠯᠤᠭᠰᠠᠨ ᠭᠠᠵᠠᠷ ᠰᠢᠷᠣᠢ ᠶᠢ ᠮᠦ ᠪᠦᠷᠢ 1500 ᠲᠥᠭᠦᠷᠢᠭ ᠤᠨ ᠦᠨ᠎ᠡ ᠪᠠᠷ ᠭᠠᠳᠠᠭᠰᠢ ᠳᠥᠷᠢᠶᠡᠰᠥᠯᠡᠭᠦᠯᠵᠥ᠂ ᠮᠦ ᠪᠦᠷᠢ ᠶᠢᠨ ᠳᠠᠪᠠᠯᠲᠠ ᠦᠨ᠎ᠡ ᠨᠢ 1000 ᠲᠥᠭᠦᠷᠢᠭ ᠲᠤ ᠬᠥᠷᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1