ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ 2023 ᠣᠨ ᠤ ᠬᠠᠤᠯᠢ ᠲᠦᠭᠡᠮᠡᠯᠵᠢᠭᠦᠯᠬᠦ ᠡᠭᠦᠷᠭᠡ ᠶᠢᠨ ᠬᠠᠭᠤᠳᠠᠰᠤ
ᠨᠡᠶᠢᠲᠡᠯᠡᠭᠰᠡᠨ ᠴᠠᠭ᠄
2023/4/21
    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠲᠣᠭᠤᠷᠢᠭ ᠢᠶᠠᠨ ᠵᠠᠰᠠᠬᠤ ᠬᠤᠷᠢᠶᠠᠨ ᠤ ᠬᠠᠤᠯᠢ ᠰᠠᠬᠢᠵᠤ ᠬᠠᠤᠯᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ︽2023 ᠣᠨ ᠤ ᠶᠤᠸᠠᠨ ᠪᠦᠦ ᠱᠠᠨ ᠲᠣᠭᠤᠷᠢᠭ ᠤᠨ ︿ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ﹀ ᠡᠭᠦᠷᠭᠡ ᠶᠢᠨ ᠬᠠᠭᠤᠳᠠᠰᠤ ︾ ︵ᠶᠤᠸᠠᠨ ᠪᠣᠥ ᠱᠠᠨ ᠲᠣᠭᠤᠷᠢᠭ ᠤᠨ ᠬᠠᠤᠯᠢ ᠪᠠᠷ ᠲᠣᠭᠤᠷᠢᠭ ᠢᠶᠠᠨ ᠵᠠᠰᠠᠬᠤ ᠳᠤᠭᠤᠶᠢᠯᠠᠩ ᠤᠨ ﹇2023﹈ 3 ᠳ᠋ᠤᠭᠠᠷ ᠲᠣᠭᠠᠲᠤ︶᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠭ᠎ᠠ ᠪᠦᠷᠢᠳᠬᠡᠯ ᠤᠨ ᠲᠣᠪᠴᠢᠶᠠᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ 2023 ᠣᠨ ᠤ ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠬᠠᠤᠯᠢ ᠲᠦᠭᠡᠮᠡᠯᠵᠢᠭᠦᠯᠬᠦ ᠡᠭᠦᠷᠭᠡ ᠶᠢᠨ ᠬᠠᠭᠤᠳᠠᠰᠤ ᠶᠢ ᠲᠣᠭᠲᠠᠭᠠᠪᠠ᠃    ᠨᠢᠭᠡ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠨᠡᠷᠡᠶᠢᠳᠦᠯ    1. ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ︾    2. ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ ︾    3. ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾    4. ᠪᠤᠰᠤᠳ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ    ᠬᠤᠶᠠᠷ ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠭᠤᠣᠯᠳᠠᠯᠭ᠎ᠠ ᠲᠠᠢ ᠡᠲᠡᠭᠡᠳ    ᠲᠤᠭ᠎ᠠ ᠪᠦᠷᠢᠳᠬᠡᠯ ᠤᠨ ᠠᠵᠢᠯᠲᠠᠨ ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠪᠠ ᠨᠡᠶᠢᠭᠡᠮ ᠤᠨ ᠤᠯᠠᠨ ᠨᠡᠶᠢᠲᠡ ᠃    ᠭᠤᠷᠪᠠ ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠣᠨ ᠤ ᠬᠠᠷᠠᠯᠲᠠ    ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠪᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠠᠪᠤᠳᠠᠯ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠦᠬᠦ ᠲᠠᠯ᠎ᠠ ᠳᠠᠬᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠲᠠᠰᠤᠷᠠᠯᠳᠠ ᠦᠭᠡᠢ ᠪᠠᠲᠤᠳᠬᠠᠨ ᠂ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠵᠤ ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠳᠠᠬᠢ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠲᠤᠭ᠎ᠠ ᠪᠦᠷᠢᠳᠬᠡᠯ ᠤᠨ ᠲᠠᠯ᠎ᠠ ᠪᠠᠷ ᠬᠢ ᠳᠥᠷᠪᠡᠨ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠨ ᠤᠬᠠᠭᠤᠯᠵᠤ᠂ ᠬᠠᠤᠯᠢ ᠶᠣᠰᠣᠭᠠᠷ ᠲᠤᠭ᠎ᠠ ᠪᠦᠷᠢᠳᠬᠡᠬᠦ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ︔ ᠲᠥᠪ ᠤᠨ ᠪᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠤᠭ᠎ᠠ ᠪᠦᠷᠢᠳᠬᠡᠯ ᠤᠨ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ  ᠎ ᠶᠢ ᠬᠡᠷᠡᠭᠵᠢᠭᠦᠯᠬᠦ ᠳᠦᠷᠢᠮ︾ ︵ᠳᠣᠷᠣᠭᠰᠢ ︽ᠬᠡᠷᠡᠭᠵᠢᠭᠦᠯᠬᠦ ᠳᠦᠷᠢᠮ︾ ᠭᠡᠵᠦ ᠲᠣᠪᠴᠢᠯᠠᠨ᠎ᠠ︶᠎ ᠢᠶᠠᠷ ᠭᠠᠷᠳᠠᠴᠠ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠨᠡᠨ ᠬᠦ ᠰᠠᠶᠢᠲᠤᠷ ᠬᠢᠵᠦ᠂ ︽ᠲᠤᠭ᠎ᠠ ᠪᠦᠷᠢᠳᠬᠡᠯ ᠤᠨ ᠬᠠᠤᠯᠢ︾᠂ ︽ᠬᠡᠷᠡᠭᠵᠢᠭᠦᠯᠬᠦ ᠳᠦᠷᠢᠮ︾᠂ ︽ᠰᠠᠨᠠᠯ︾᠂ ︽ᠠᠷᠭ᠎ᠠ︾᠂ ︽ᠲᠣᠭᠲᠠᠭᠠᠯ︾᠂ ︽ᠬᠢᠨᠠᠯᠲᠠ ᠲᠠᠯᠪᠢᠬᠤ ᠰᠠᠨᠠᠯ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭ᠎ᠠ ᠪᠦᠷᠢᠳᠬᠡᠯ ᠤᠨ ᠠᠵᠢᠯᠲᠠᠳ ᠲᠤ ᠡᠵᠡᠮᠰᠢᠭᠦᠯᠵᠦ᠂ ᠨᠡᠶᠢᠭᠡᠮ ᠤᠨ ᠡᠯ᠎ᠡ ᠡᠲᠡᠭᠡᠳ ᠲᠤ ᠣᠶᠢᠯᠠᠭᠠᠭᠤᠯᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠨ᠎ᠠ᠃    ᠳᠥᠷᠪᠡ᠂ ᠤᠬᠠᠭᠤᠯᠬᠤ ᠠᠷᠭ᠎ᠠ ᠮᠠᠶ᠋ᠢᠭ    ︵ᠨᠢᠭᠡ ︶ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠲᠠᠢ ᠭᠦᠢᠴᠡᠳ ᠤᠶᠠᠯᠳᠤᠭᠤᠯᠤᠨ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠦᠨ᠎ᠡ᠃ ᠬᠠᠤᠯᠢ ᠪᠠᠷ ᠵᠠᠰᠠᠬᠤ ᠰᠣᠶᠣᠯ ᠬᠢᠭᠡᠳ ᠲᠤᠭ᠎ᠠ ᠪᠦᠷᠢᠳᠬᠡᠯ ᠤᠨ ᠠᠵᠢᠯ ᠤᠨ ᠣᠷᠭᠠᠨᠢᠭ ᠢᠶᠠᠷ ᠠᠭᠤᠰᠤᠯᠴᠠᠬᠤ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠠᠵᠢᠯ ᠤᠨ ᠪᠠᠶᠢᠷᠢᠯᠠᠭᠤᠯᠤᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠰᠣᠷᠪᠤᠯᠵᠢᠯᠠᠨ ᠪᠠᠶᠢᠴᠠᠭᠠᠨ ᠰᠣᠳᠤᠯᠬᠤ ᠂ ᠲᠤᠭ᠎ᠠ ᠪᠠᠷᠢᠮᠲᠠ ᠶᠢᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠵᠡᠷᠭᠡ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠡᠳᠦᠷ ᠲᠤᠲᠤᠮ ᠤᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠥᠷᠨᠢᠭᠦᠯᠦᠨ᠎ᠡ᠃    ︵ᠬᠤᠶᠠᠷ︶ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢ ᠭᠦᠢᠴᠡᠳ ᠬᠡᠷᠡᠭᠯᠡᠨ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠥᠨ᠎ᠡ ᠃ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠨᠠᠶᠢᠷᠠᠭᠤᠯᠤᠨ ᠳᠠᠷᠤᠮᠠᠯᠯᠠᠬᠤ ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠦᠢᠯᠡᠳᠬᠦ ᠪᠠᠷ ᠳᠠᠮᠵᠢᠭᠤᠯᠤᠨ ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠎ᠡ ᠃ ᠢᠨᠲ᠋ᠧᠷ ᠰᠦᠯᠵᠢᠶ᠎ᠡ + ᠲᠤᠭ᠎ᠠ ᠪᠦᠷᠢᠳᠬᠡᠯ ᠤᠨ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠠᠰᠢᠭᠯᠠᠨ᠂ ᠸᠢᠴᠠᠲ᠂ QQ ᠠᠵᠢᠯ ᠤᠨ ᠬᠤᠯᠪᠤᠭ᠎ᠠ ᠵᠡᠷᠭᠡ ᠲᠠᠪᠴᠠᠩ ᠳᠤ ᠤᠬᠠᠭᠤᠯᠭ᠎ᠠ ᠶᠢᠨ ᠸᠢᠳᠢᠤ᠋ ᠶᠢ ᠰᠢᠯᠵᠢᠭᠦᠯᠦᠨ ᠨᠡᠶᠢᠲᠡᠯᠡᠨ᠎ᠡ᠃ ᠡᠭᠦᠨ ᠤ ᠬᠠᠮᠲᠤ ︽12.4︾ ᠤᠯᠤᠰ ᠤᠨ ᠦᠨᠳᠦᠰᠦᠨ ᠬᠠᠤᠯᠢ ᠶᠢᠨ ᠡᠳᠦᠷ᠂ ︽12.8︾ ᠲᠤᠭ᠎ᠠ ᠪᠦᠷᠢᠳᠬᠡᠯ ᠤᠨ ᠬᠠᠤᠯᠢ ᠶᠢ ᠨᠡᠶᠢᠲᠡᠯᠡᠭᠰᠡᠨ ᠳᠤᠷᠠᠰᠬᠠᠯ ᠤᠨ ᠡᠳᠦᠷ ᠵᠡᠷᠭᠡ ᠴᠢᠬᠤᠯᠠ ᠬᠠᠤᠯᠢ ᠳᠦᠷᠢᠮ ᠤᠨ ᠤᠬᠠᠭᠤᠯᠭ᠎ᠠ ᠶᠢᠨ ᠴᠠᠭ ᠤᠨ ᠲᠣᠭᠤᠷᠢᠨ ᠳᠤ ᠲᠤᠬᠠᠢ ᠶᠢᠨ ᠲᠠᠯᠠᠪᠤᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠥᠨ᠎ᠡ᠃    ︵ ᠭᠤᠷᠪᠠ ︶ ᠬᠠᠤᠯᠢ ᠶᠢ ᠦᠨᠳᠦᠰᠦᠨ ᠱᠠᠲᠤᠨ ᠳᠤ ᠬᠦᠷᠭᠡᠨ᠎ᠡ ᠃ ᠨᠡᠶᠢᠳᠡᠮ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠢᠴᠢ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠵᠡᠷᠭᠡ ᠲᠣᠬᠢᠶᠠᠯ ᠢ ᠠᠰᠢᠭᠯᠠᠨ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠪᠣᠯᠣᠨ ᠨᠡᠶᠢᠭᠡᠮ ᠨᠡᠶᠢᠲᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ ᠥᠭᠴᠦ᠂ ᠪᠥᠬᠦ ᠨᠡᠶᠢᠭᠡᠮ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃    ᠲᠠᠪᠤ ᠂ ᠬᠠᠷᠢᠭᠤᠴᠠᠬᠤ ᠤᠳᠤᠷᠢᠳᠤᠯᠭ᠎ᠠ    ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠰᠢᠤᠸᠠᠢ ᠳ᠋ᠦᠩ ᠫᠢᠩ    ᠵᠢᠷᠭᠤᠭ᠎ᠠ ᠂ ᠬᠠᠷᠢᠭᠤᠴᠠᠬᠤ ᠬᠥᠮᠥᠨ    ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠦᠬᠦ ᠺᠠᠳ᠋ᠷ ᠠᠵᠢᠯᠲᠠᠨ᠃                ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ               ᠎ ᠤᠨ ᠲᠤᠭ᠎ᠠ ᠪᠦᠷᠢᠳᠬᠡᠯ ᠤᠨ ᠲᠣᠪᠴᠢᠶ᠎ᠠ                      2023 ᠣᠨ ᠤ 4 ᠰᠠᠷ᠎ᠠ ᠶᠢᠨ 18 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1