ᠶᠤᠸᠠᠨ ᠪᠦᠦ ᠱᠠᠨ ᠲᠣᠭᠤᠷᠢᠭ ᠤᠨ ︽ᠲᠠᠨ ᠳᠤ ᠬᠠᠪᠰᠤᠷᠤᠨ ᠭᠥᠢᠴᠡᠳᠬᠡᠬᠦ︾ ᠤᠷᠢᠳᠴᠢᠯᠠᠨ ᠪᠣᠯᠵᠤᠬᠤ ᠥᠢᠯᠡᠴᠢᠯᠡᠭᠡ ᠠᠷᠠᠳ ᠤᠨ ᠰᠡᠳᠬᠢᠯ ᠳᠤ ᠬᠥᠷᠴᠦ ᠵᠠᠰᠠᠭ ᠤᠨ ᠶᠠᠪᠤᠳᠠᠯ ᠤᠨ ᠦᠢᠯᠡᠴᠢᠯᠡᠭᠡ ᠳᠠᠬᠢᠨ ᠳᠡᠰ ᠳᠡᠪᠰᠢᠪᠡ
ᠨᠡᠶᠢᠲᠡᠯᠡᠭᠰᠡᠨ ᠴᠠᠭ᠄
2023/4/23
    ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠬᠢᠨᠠᠨ ᠵᠥᠪᠰᠢᠶᠡᠷᠡᠬᠦ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠥᠨ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠬᠢᠨᠠᠨ ᠵᠥᠪᠰᠢᠶᠡᠷᠡᠯ ᠤᠨ ︽ ᠲᠠᠨ ᠳᠤ ᠬᠠᠪᠰᠤᠷᠤᠨ ᠭᠥᠢᠴᠡᠳᠬᠡᠬᠦ︾ ᠤᠷᠢᠳᠴᠢᠯᠠᠨ ᠪᠣᠯᠵᠤᠬᠤ ᠥᠢᠯᠡᠴᠢᠯᠡᠭᠡ ᠶᠢᠨ ᠠᠵᠢᠯ ᠢ ᠥᠷᠨᠢᠭᠦᠯᠵᠦ᠂ ᠲᠥᠰᠥᠯ ᠤᠨ ᠪᠦᠲᠦᠭᠡᠨ ᠪᠠᠶᠢᠭᠤᠯᠤᠯᠲᠠ ᠳᠤ ︽ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠳᠡ ᠪᠠᠨ ᠬᠠᠭᠠᠬᠤ ᠦᠭᠡᠢ︾ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠵᠤ ᠪᠠᠶᠢᠨ᠎ᠠ ᠃    ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠪᠠ ᠃ ︽ᠲᠠᠨ ᠳᠤ ᠬᠠᠪᠰᠤᠷᠤᠨ ᠭᠦᠢᠴᠡᠳᠬᠡᠬᠦ︾ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ ᠪᠠ ᠠᠵᠢᠯ ᠢ ᠠᠬᠢᠭᠤᠯᠬᠤ ᠳᠤᠭᠤᠶᠢᠯᠠᠩ ᠢ ᠪᠠᠶᠢᠭᠤᠯᠵᠤ᠂ ᠴᠣᠩᠬᠤᠪᠴᠢ ᠶᠢᠨ ᠬᠠᠷᠢᠭᠤᠴᠠᠯᠭᠠᠲᠠᠨ ᠤ ᠡᠭᠡᠯᠵᠢ ᠳᠠᠭᠠᠭᠤᠯᠬᠤ ᠳᠦᠷᠢᠮ ᠢ ᠨᠠᠶᠢᠳᠠᠪᠤᠷᠢᠵᠢᠭᠤᠯᠤᠨ᠂ ᠴᠣᠩᠬᠤᠪᠴᠢ ᠶᠢᠨ ︽ᠲᠠᠨ ᠎ ᠳᠤ ᠬᠠᠪᠰᠤᠷᠤᠨ ᠭᠦᠢᠴᠡᠳᠬᠡᠬᠦ︾ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ ᠂ ᠰᠠᠶᠢᠲᠤᠷ ᠥᠢᠯᠡᠴᠢᠯᠡᠵᠦ᠂ ᠰᠠᠶᠢᠲᠤᠷ ᠬᠢᠨᠠᠯᠲᠠ ᠲᠠᠯᠪᠢᠬᠤ ᠶᠢ ᠪᠠᠲᠤᠯᠠᠪᠠ᠃    ᠬᠤᠶᠠᠷ ᠂ ᠠᠵᠢᠯ ᠤᠨ ᠲᠣᠭᠲᠠᠴᠠ ᠶᠢ ᠪᠥᠷᠢᠨᠰᠢᠭᠦᠯᠪᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ︽ᠶᠤᠸᠠᠨ ᠪᠦᠦ ᠱᠠᠨ ᠲᠣᠭᠤᠷᠢᠭ ᠤᠨ ︿ ᠲᠠᠨ ᠎ ᠳᠤ ᠬᠠᠪᠰᠤᠷᠤᠨ ᠭᠥᠢᠴᠡᠳᠬᠡᠬᠦ﹀ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠵᠢᠯ ᠤᠨ ᠲᠥᠰᠥᠪ ︾᠎ ᠢ ᠳᠠᠷᠤᠮᠠᠯᠯᠠᠨ ᠲᠠᠷᠬᠠᠭᠠᠵᠤ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠤᠷᠢᠳᠴᠢᠯᠠᠨ ᠪᠣᠯᠵᠣᠬᠤ ᠠᠷᠭ᠎ᠠ ᠮᠠᠶ᠋ᠢᠭ᠂ ᠦᠢᠯᠡᠴᠢᠯᠡᠭᠡᠨ ᠤ ᠶᠠᠪᠤᠴᠠ᠂ ᠬᠢᠨᠠᠯᠲᠠ ᠬᠠᠮᠢᠶᠠᠷᠤᠯᠲᠠ ᠵᠡᠷᠭᠡ ᠳᠦᠷᠢᠮ ᠪᠣᠯᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ︽ᠲᠠᠨ ᠳᠤ ᠬᠠᠪᠰᠤᠷᠤᠨ ᠭᠦᠢᠴᠡᠳᠬᠡᠬᠦ︾ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠵᠢᠯ ᠢ ᠵᠢᠷᠤᠮᠯᠠᠬᠤ ᠳᠦᠷᠢᠮ ᠲᠠᠢ᠂ ᠯᠠᠪᠳᠠᠭᠤᠨ ᠢᠶᠠᠷ ᠲᠦᠯᠬᠢᠨ ᠠᠬᠢᠭᠤᠯᠬᠤ ᠶᠢ  ᠪᠠᠲᠤᠯᠠᠪᠠ᠃    ᠭᠤᠷᠪᠠ ᠂ ᠦᠢᠯᠡᠴᠢᠯᠡᠭᠡᠨ ᠤ ᠵᠢᠷᠤᠮᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠶᠣᠰᠣᠯᠠᠯ ᠤᠨ ᠪᠣᠯᠪᠠᠰᠤᠷᠠᠭᠤᠯᠤᠯ ᠪᠠ ︽ᠲᠠᠨ ᠎ ᠳᠤ ᠬᠠᠪᠰᠤᠷᠤᠨ ᠭᠦᠢᠴᠡᠳᠬᠡᠬᠦ︾ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠵᠢᠯ ᠤᠨ ᠠᠵᠢᠯ ᠶᠠᠪᠤᠳᠠᠯ ᠭᠦᠢᠴᠡᠳᠬᠡᠬᠦ ᠠᠯᠬᠤᠮ ᠤᠨ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ ᠣᠶᠢᠯᠠᠭᠠᠯᠴᠠᠨ ᠰᠤᠷᠤᠯᠴᠠᠬᠤ ᠲᠠᠪᠴᠠᠩ ᠬᠠᠩᠭᠠᠵᠤ᠂ ᠬᠢᠨᠠᠨ ᠵᠥᠪᠰᠢᠶᠡᠷᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠠᠬᠢᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ ᠃    ᠳᠥᠷᠪᠡ᠂ ᠤᠬᠠᠭᠤᠯᠭ᠎ᠠ ᠪᠠᠨ ᠴᠢᠩᠭᠠᠳᠬᠠᠪᠠ᠃ ᠭᠤᠣᠯ ᠵᠠᠭᠤᠴᠢᠯᠠᠭᠤᠷ᠂  ᠸᠢᠴᠠᠲ ᠨᠡᠶᠢᠲᠡ ᠶᠢᠨ ᠲᠠᠪᠴᠠᠩ ᠂ ᠰᠥᠯᠵᠢᠶ᠎ᠡ᠂ ᠬᠤᠪᠢ ᠶᠢᠨ ᠵᠠᠭᠤᠴᠢᠯᠠᠭᠤᠷ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ︽ᠲᠠᠨ ᠳᠤ ᠬᠠᠪᠰᠤᠷᠤᠨ ᠭᠦᠢᠴᠡᠳᠬᠡᠬᠦ ︾ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠨᠠᠩ ᠣᠯᠠᠨ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠬᠦᠮ ᠨᠠᠩ ᠳᠣᠲᠣᠨᠣ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠬᠢᠨᠠᠨ ᠵᠥᠪᠰᠢᠶᠡᠷᠡᠬᠦ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ  ᠬᠥᠷᠲᠡᠭᠡᠪᠡ᠃    ᠵᠠᠯᠭᠠᠭᠠᠳ᠂ ᠶᠤᠸᠠᠨ ᠪᠦᠦ ᠱᠠᠨ ᠲᠣᠭᠤᠷᠢᠭ ᠠᠵᠤ ᠠᠬᠤᠶᠢᠯᠠᠯ᠂ ᠣᠯᠠᠨ ᠲᠦᠮᠡᠨ ᠤ ᠬᠠᠷᠠᠭᠠᠰᠤ ᠎ ᠠᠴᠠ ᠡᠭᠦᠰᠬᠦ ᠶᠢ ᠪᠠᠷᠢᠮᠲᠠᠯᠠᠵᠤ᠂ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ᠂ ᠤᠴᠢᠷ ᠶᠠᠪᠤᠳᠠᠯ ᠰᠢᠢᠳᠪᠦᠷᠢᠯᠡᠬᠦ ᠳᠤ ᠲᠦᠪᠡᠭᠲᠡᠢ᠂ ᠰᠢᠢᠳᠪᠦᠷᠢᠯᠡᠵᠦ ᠴᠢᠳᠠᠬᠤ ᠦᠭᠡᠢ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠬᠠᠯᠠᠭᠤᠨ ᠳᠤᠯᠠᠭᠠᠨ᠂ ᠦᠷ᠎ᠡ ᠪᠦᠲᠦᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠶ ᠪᠣᠯᠭᠠᠨ ᠂ ︽ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ︾᠂ ︽ᠤᠷᠢᠳᠴᠢᠯᠠᠨ ᠪᠣᠯᠵᠣᠬᠤ ᠦᠢᠯᠡᠴᠢᠯᠡᠭᠡ︾᠂ ︽ᠴᠠᠭ ᠤᠷᠲᠤᠳᠬᠠᠨ ᠦᠢᠯᠡᠴᠢᠯᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠳᠥᠭᠦᠮ ᠲᠥᠳᠡ ᠪᠠ ᠬᠠᠨᠤᠮᠵᠢ ᠶᠢᠨ ᠬᠡᠮᠵᠢᠶ᠎ᠡ ᠶᠢ ᠥᠨᠡᠨ ᠬᠦ ᠳᠡᠭᠡᠭᠰᠢᠯᠡᠭᠦᠯᠬᠦ ᠪᠣᠯᠣᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1