ᠨᠢᠭᠡᠳᠦᠭᠡᠷ ᠤᠯᠠᠷᠢᠯ ᠳᠤ ᠶᠤᠸᠠᠨ ᠪᠦᠦ ᠱᠠᠨ ᠲᠣᠭᠤᠷᠢᠭ ᠤᠨ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2023/4/23
    ᠨᠢᠭᠡᠳᠦᠭᠡᠷ ᠤᠯᠠᠷᠢᠯ ᠳᠤ ᠶᠤᠸᠠᠨ ᠪᠦᠦ ᠱᠠᠨ ᠲᠣᠭᠤᠷᠢᠭ ᠤᠨ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠰᠠᠶᠢᠨ ᠡᠬᠢᠯᠡᠯᠲᠡ ᠲᠠᠢ ᠪᠣᠯᠪᠠ ᠃ ᠵᠢᠭᠡᠯᠡᠯᠭᠡ ᠶᠢᠨ ᠲᠠᠰ ᠳᠠᠷᠠᠭᠠᠯᠠᠯ ᠢ ᠰᠢᠯᠢᠳᠡᠭᠵᠢᠭᠦᠯᠬᠦ᠂ ᠬᠢᠨᠠᠨ ᠵᠥᠪᠰᠢᠶᠡᠷᠡᠬᠦ ᠶᠠᠪᠤᠴᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠭᠠᠷᠳᠠᠮ ᠢ ᠭᠦᠢᠴᠡᠳᠬᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠵᠢᠭᠡᠯᠡᠯᠭᠡ ᠶᠢ ᠳᠠᠭᠠᠭᠠᠴᠢᠯᠠᠭᠰᠠᠨ ᠪᠠᠩᠬᠢ ᠯᠤᠭ᠎ᠠ ᠵᠣᠬᠢᠴᠠᠭᠤᠯᠤᠨ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠨ ᠂ ᠵᠢᠭᠡᠯᠡᠯᠭᠡ ᠲᠠᠯᠪᠢᠬᠤ ᠬᠤᠷᠳᠤᠴᠠ ᠶᠢ 30%᠎ ᠪᠠᠷ ᠳᠡᠭᠡᠭᠰᠢᠯᠡᠭᠦᠯᠪᠡ᠃ ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠲᠤ 225 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠰᠢᠨ᠎ᠡ ᠪᠠᠷ ᠨᠡᠮᠡᠵᠦ ᠲᠠᠷᠬᠠᠭᠠᠨ᠂ ᠣᠨ ᠤ ᠬᠠᠷᠠᠯᠲᠠ ᠶᠢᠨ ᠡᠭᠦᠷᠭᠡ ᠪᠠᠨ 27%᠎ ᠪᠠᠷ ᠪᠡᠶᠡᠯᠡᠭᠦᠯᠵᠦ᠂ ᠠᠩᠬᠠᠨ ᠤ ᠤᠯᠠᠷᠢᠯ ᠰᠠᠶᠢᠨ ᠡᠬᠢᠯᠡᠯᠲᠡ ᠲᠠᠢ ᠪᠣᠯᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1