ᠶᠤᠸᠠᠨ ᠪᠦᠦ ᠱᠠᠨ ᠲᠣᠭᠤᠷᠢᠭ ᠠᠵᠤ ᠦᠢᠯᠡᠳᠪᠦᠷᠢ ᠶᠢᠨ ᠪᠣᠬᠢᠷᠲᠤᠯ ᠦᠭᠡᠢ ᠦᠢᠯᠡᠳᠬᠦ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2023/4/24
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢ ᠨᠡᠶᠢᠲᠡᠯᠡᠵᠦ᠂ ᠶᠤᠸᠠᠨ ᠪᠦᠦ ᠱᠠᠨ ᠲᠣᠭᠤᠷᠢᠭ ᠤᠨ ᠥᠪᠥᠷ ᠮᠣᠩᠭᠤᠯ ᠤᠨ ᠶᠢᠨ ᠱᠧᠩ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠬᠢᠷᠲᠤᠯ ᠦᠭᠡᠢ ᠦᠢᠯᠡᠳᠪᠦᠷᠢ ᠶᠢᠨ ᠨᠡᠷᠡᠰ ᠲᠤ ᠰᠤᠩᠭᠤᠭᠳᠠᠵᠤ᠂ ᠤᠯᠠᠭᠠᠨᠬᠠᠳᠠ ᠶᠢᠨ ᠳ᠋ᠠ ᠳ᠋ᠢ ᠶᠤᠸᠠᠨ ᠲᠦᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠤᠰᠤ ᠰᠡᠷᠭᠡᠶᠢᠯᠡᠬᠦ ᠴᠠᠭᠠᠰᠤᠨ ᠭᠠᠳᠠᠷ ᠲᠠᠢ ᠵᠤᠭᠠᠩ ᠤᠨ ᠬᠠᠪᠲᠠᠰᠤ ᠪᠣᠯᠣᠨ ᠡᠩ ᠤᠨ ᠴᠠᠭᠠᠰᠤᠨ ᠭᠠᠳᠠᠷ ᠲᠠᠢ ᠵᠤᠭᠠᠩ ᠤᠨ ᠬᠠᠪᠲᠠᠰᠤ ᠶᠢᠨ ᠪᠦᠲᠦᠭᠡᠭᠳᠡᠬᠦᠨ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠵᠤ ᠂ ᠣᠳᠤ ᠶᠤᠸᠠᠨ ᠪᠦᠦ ᠱᠠᠨ ᠲᠣᠭᠤᠷᠢᠭ ᠲᠤ ᠨᠢᠭᠡᠨᠲᠡ 5 ᠤᠯᠤᠰ ᠤᠨ ᠳᠡᠰ ᠤᠨ ᠪᠣᠬᠢᠷᠲᠤᠯ ᠦᠭᠡᠢ ᠦᠢᠯᠡᠳᠪᠦᠷᠢ ᠂ 10 ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠦᠢᠯᠡᠳᠪᠦᠷᠢ ᠂ ᠤᠯᠤᠰ ᠤᠨ ᠲᠠᠰ ᠤᠨ 3 ᠵᠦᠢᠯ ᠤᠨ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠦᠢᠯᠡᠳᠬᠦᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ 5 ᠵᠦᠢᠯ ᠤᠨ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠦᠢᠯᠡᠳᠬᠦᠨ ᠎ ᠲᠠᠢ ᠪᠣᠯᠵᠤ᠂ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠳᠪᠦᠷᠢ ᠶᠢᠨ ᠪᠣᠬᠢᠷᠲᠤᠯ ᠦᠭᠡᠢ ᠦᠢᠯᠡᠳᠬᠦ ᠬᠦᠷᠢᠶᠡᠨ ᠳᠠᠬᠢ ᠠᠮᠵᠢᠯᠲᠠ ᠪᠦᠲᠦᠮᠵᠢ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠪᠠ᠃    ᠨᠡᠩ ᠬᠥᠮᠥᠰ ᠤᠨ ᠠᠩᠬᠠᠷᠤᠯ ᠢ ᠲᠠᠲᠠᠭᠰᠠᠨ ᠵᠦᠢᠯ ᠭᠡᠪᠡᠯ ᠂ ᠶᠤᠸᠠᠨ ᠪᠦᠦ ᠱᠠᠨ ᠲᠣᠭᠤᠷᠢᠭ ᠤᠨ ᠤᠯᠤᠰ ᠤᠨ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢᠨ ᠲᠤᠭ᠎ᠠ ᠬᠡᠮᠵᠢᠶ᠎ᠡ ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢᠨ ᠲᠤᠭ᠎ᠠ ᠬᠡᠮᠵᠢᠶ᠎ᠡ ᠂ ᠤᠯᠤᠰ ᠤᠨ ᠲᠡᠰ ᠤᠨ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠦᠢᠯᠡᠳᠬᠦᠨ ᠤ ᠲᠤᠭ᠎ᠠ ᠬᠡᠮᠵᠢᠶ᠎ᠡ ᠪᠣᠯᠣᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠦᠢᠯᠡᠳᠬᠦᠨ ᠤ  ᠲᠤᠭ᠎ᠠ ᠬᠡᠮᠵᠢᠶᠡᠨ ᠤ ᠲᠦᠷᠪᠡᠨ ᠵᠦᠢᠯ ᠤᠨ ᠭᠦᠢᠴᠡᠳᠬᠡᠯ ᠲᠤᠭ᠎ᠠ ᠨᠢ ᠴᠥᠮ ᠤᠯᠠᠭᠠᠨᠬᠠᠳᠠ ᠬᠤᠳᠠ ᠶᠢᠨ ᠬᠤᠰᠢᠭᠤ ᠰᠢᠶᠠᠨ ᠲᠣᠭᠤᠷᠢᠭ ᠤᠨ ᠨᠢᠭᠡᠳᠦᠭᠡᠷ ᠲᠤ ᠵᠢᠭᠰᠠᠭᠠᠭᠳᠠᠵᠤ ᠪᠦᠬᠦ ᠲᠠᠯ᠎ᠠ ᠪᠠᠷ ᠲᠡᠷᠢᠭᠦᠯᠡᠵᠦ ᠪᠠᠶᠢᠨ᠎ᠠ ᠃    ᠤᠯᠤᠰ ᠤᠨ ᠲᠠᠰ ᠤᠨ ᠪᠣᠬᠢᠷᠲᠤᠯ ᠦᠭᠡᠢ ᠦᠢᠯᠡᠳᠪᠦᠷᠢ ᠪᠠ ᠪᠣᠬᠢᠷᠳᠤᠯ ᠥᠭᠡᠢ ᠵᠢᠷᠤᠭ ᠲᠥᠯᠥᠪᠯᠡᠭᠡ ᠶᠢᠨ ᠦᠢᠯᠡᠳᠬᠦᠨ ᠢᠶᠠᠷ ᠰᠢᠯᠭᠠᠷᠠᠭᠤᠯᠤᠨ ᠰᠣᠩᠭᠤᠬᠤ ᠪᠣᠯ ᠠᠵᠤ ᠠᠬᠤᠶᠢᠯᠠᠯ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠪᠣᠳᠠᠲᠤ ᠬᠦᠴᠦᠨ ᠪᠠ ᠮᠡᠷᠭᠡᠵᠢᠯ ᠤᠨ ᠰᠢᠨ᠎ᠡ ᠡᠭᠦᠳᠥᠯᠲᠡ ᠶᠢ ᠮᠡᠳᠡᠷᠡᠬᠦ ᠪᠠ ᠵᠣᠷᠢᠭᠵᠢᠭᠤᠯᠬᠤ ᠶᠠᠪᠤᠳᠠᠯ ᠮᠥᠨ᠂ ᠪᠠᠰᠠ ᠴᠤ ᠠᠵᠤ ᠠᠬᠤᠶᠢᠯᠠᠯ ᠤᠨ ᠥᠷᠭᠦᠯᠵᠢᠯᠡᠬᠦᠶᠢᠴᠡ ᠬᠥᠭᠵᠢᠯᠲᠡ ᠶᠢ ᠲᠦᠯᠬᠢᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠃ ᠣᠶᠢᠷ᠎ᠠ ᠶᠢᠨ ᠵᠢᠯ ᠠᠴᠠ ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ ᠂ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠰᠥᠯ ᠢ ᠠᠬᠢᠭᠤᠯᠵᠤ ᠂ ᠪᠣᠬᠢᠷᠲᠤᠯ ᠦᠭᠡᠢ ᠤᠷᠠᠯᠠᠯ ᠪᠣᠯᠣᠨ ᠦᠢᠯᠡᠳᠬᠦᠨ ᠤ ᠰᠢᠨ᠎ᠡ ᠶᠢ ᠡᠭᠦᠳᠬᠦ ᠶᠢ ᠠᠬᠢᠭᠤᠯᠵᠤ ᠂ ᠡᠨᠧᠷᠭᠢ ᠶᠢᠨ ᠬᠤᠷᠣᠭᠳᠠᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠠᠬᠢᠭᠤᠯᠵᠠᠢ ᠃ ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠪᠣᠬᠢᠷᠲᠤᠯ ᠦᠭᠡᠢ ᠠᠵᠤ ᠦᠢᠯᠡᠰ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠤᠯᠠᠭᠠᠨᠬᠠᠳᠠ ᠬᠤᠳᠠ ᠪᠣᠯᠣᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1