ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ  ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ  ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠎ ᠨᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠦᠨᠡᠨ ᠬᠦ ᠠᠳᠬᠤᠨ ᠪᠣᠳᠠᠲᠠᠢ ᠠᠵᠢᠯᠯᠠᠵᠤ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ  ᠯᠢ ᠴᠢᠶᠠᠩ    ᠸᠠᠩ ᠬᠤ᠋ ᠨᠢᠩ    ᠼᠠᠢ ᠴᠢ ᠣᠷᠣᠯᠴᠠᠵᠠᠢ
ᠨᠡᠶᠢᠲᠡᠯᠡᠭᠰᠡᠨ ᠴᠠᠭ᠄
2023/4/24
      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21᠎ ᠤ ᠴᠠᠬᠢᠯᠭᠠᠨ ᠮᠡᠳᠡᠭᠡ   ᠨᠠᠮ ᠤᠨ ᠲᠥᠪ ᠬᠤᠷᠢᠶ᠎ᠠ ᠎ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 4 ᠰᠠᠷ᠎ᠠ ᠶᠢᠨ 21᠎ ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ  ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠤ  ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠤᠢ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠬᠤᠷᠠᠯᠳᠤᠭᠰᠠᠨ 10 ᠵᠢᠯ ᠤᠨ ᠤᠢ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠣᠯᠭᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃      ᠬᠤᠷᠠᠯ ᠠᠴᠠ ︽ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠬᠦ ᠲᠤᠬᠠᠢ ᠰᠠᠨᠠᠯ︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠪᠣᠯᠣᠨ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠵᠢᠯ ᠤᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠤᠰᠬᠠᠢ ᠳᠤᠭᠤᠶᠢᠯᠠᠩ ᠤᠨ ᠠᠵᠢᠯ ᠤᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ  ᠬᠤᠷᠢᠶ᠎ᠠ ᠶᠢᠨ 2023 ᠣᠨ ᠤ ᠠᠵᠢᠯ ᠤᠨ ᠭᠤᠣᠯᠳᠠᠯᠭ᠎ᠠ︾᠎ ᠶᠢ ᠬᠢᠨᠠᠨ ᠵᠥᠪᠯᠡᠵᠦ  ᠪᠠᠲᠤᠯᠠᠪᠠ᠃      ᠬᠤᠷᠠᠯ ᠠᠴᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠎ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂  ︽ᠬᠡᠨ ᠤ ᠲᠥᠯᠥᠭᠡ ᠰᠢᠨ᠎ᠡ ᠶᠢ ᠡᠭᠦᠳᠬᠦ᠂ ᠬᠡᠨ ᠰᠢᠨ᠎ᠡ ᠶᠢ ᠡᠭᠦᠳᠬᠦ᠂ ᠶᠠᠭᠤ ᠶᠢ ᠰᠢᠨ᠎ᠡ ᠶᠢ ᠡᠭᠦᠳᠬᠦ᠂ ᠬᠡᠷᠬᠢᠨ ᠰᠢᠨ᠎ᠡ ᠶᠢ ᠡᠭᠦᠳᠬᠦ︾᠎ ᠶᠢᠨ ᠲᠣᠭᠤᠷᠢᠨ ᠳᠤ᠂ ᠳᠦᠷᠢᠮ ᠤᠨ ᠪᠠᠶᠢᠭᠤᠯᠤᠯᠲᠠ ᠠᠴᠠ ᠡᠭᠦᠰᠴᠦ᠂ ᠮᠡᠷᠭᠡᠵᠢᠯ ᠤᠨ ᠰᠢᠨ᠎ᠡ ᠶᠢ ᠡᠭᠦᠳᠬᠦ ᠰᠢᠢᠳᠪᠦᠷᠢᠲᠦ ᠪᠣᠳᠣᠯᠭ᠎ᠠ᠂ ᠰᠤᠳᠤᠯᠤᠨ ᠨᠡᠭᠡᠭᠡᠬᠦ ᠣᠷᠤᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ ᠪᠦᠭᠦ ᠬᠡᠯᠬᠢᠶᠡᠨ ᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ᠂ ᠲᠠᠪᠴᠠᠩ᠂ ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠰᠲ᠋ᠧᠮ ᠤᠨ ᠪᠠᠶᠢᠷᠢᠰᠢᠭᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠥᠨᠳᠥᠷ ᠦᠷ᠎ᠡ ᠪᠦᠲᠦᠮᠵᠢᠲᠡᠢ ᠬᠠᠮᠵᠢᠯᠴᠠᠭᠰᠠᠨ ᠭᠦᠨᠵᠡᠭᠡᠢ ᠠᠭᠤᠰᠤᠯᠴᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠠᠬᠢᠭᠤᠯᠤᠨ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠪᠠ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠤᠨ ᠪᠦᠲᠦᠮᠵᠢᠲᠡᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠬᠤᠯᠠ ᠶᠡᠭᠡ ᠤᠤᠭᠠᠯ ᠡᠭᠦᠳᠦᠯᠲᠡ ᠶᠢᠨ ᠮᠡᠷᠭᠡᠵᠢᠯ ᠤᠨ ᠰᠢᠪᠲᠤᠯᠤᠯᠲᠠ ᠳᠤ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠳᠤ᠂ ᠰᠢᠨ᠎ᠡ ᠴᠠᠭ ᠦᠶ᠎ᠡ ᠰᠢᠨ᠎ᠡ ᠠᠶᠠᠨ ᠤ ᠤᠯᠤᠰ ᠤᠨ ᠥᠮᠴᠢᠯᠡᠯ ᠤᠨ ᠠᠵᠤ ᠠᠬᠤᠢ ᠶᠢᠨ ᠡᠭᠦᠷᠭᠡᠯᠡᠵᠦ ᠪᠠᠶᠢᠭ᠎ᠠ ᠡᠭᠦᠷᠭᠡ ᠪᠣᠯᠣᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠭᠦᠰᠴᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠠᠮᠤᠷ ᠲᠦᠪᠰᠢᠨ ᠤ ᠬᠠᠷᠢᠭᠤᠴᠠᠯᠭ᠎ᠠ᠂ ᠶᠠᠰᠤ ᠴᠢᠨᠠᠷ ᠤᠨ ᠪᠦᠲᠦᠴᠡ᠂ ᠡᠳ᠋ ᠬᠥᠷᠥᠩᠭᠡ ᠪᠣᠯᠣᠨ ᠠᠵᠤ ᠠᠬᠤᠶᠢᠯᠠᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ ᠪᠠᠷ ᠬᠦᠴᠦᠯᠡᠵᠦ᠂ ᠳᠡᠭᠡᠳᠦ ᠳᠠᠪᠬᠤᠷᠭ᠎ᠠ ᠠᠴᠠ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ᠂ ᠬᠢᠨᠠᠯᠲᠠ ᠬᠠᠮᠢᠶᠠᠷᠤᠯᠲᠠ ᠨᠢ ᠬᠦᠴᠦᠲᠡᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠣᠯ ᠨᠠᠮ ᠤᠨ ᠲᠥᠪ ᠬᠤᠷᠢᠶ᠎ᠠ ᠶᠢᠨ ᠢᠮᠠᠭᠲᠠ ᠶᠢᠨ ᠴᠢᠭᠯᠡᠯᠲᠡ ᠮᠥᠨ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠢ ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠢᠵᠠᠭᠠᠷᠯᠠᠵᠤ ᠪᠠᠶᠢᠭ᠎ᠠ ᠳᠦᠷᠢᠮ ᠤᠨ ᠬᠠᠷᠰᠢ ᠰᠠᠭᠠᠳ ᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠪᠠᠶᠢᠷᠢ ᠲᠣᠭᠲᠠᠭᠠᠯᠲᠠ ᠶᠢ ᠨᠢ ᠵᠥᠪ ᠢᠶᠠᠷ ᠣᠯᠭᠤᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠥᠭᠡᠷᠡᠴᠢᠯᠡᠯᠲᠡ ᠬᠥᠭᠵᠢᠯᠲᠡ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠷ ᠳᠠᠮᠵᠢᠭᠤᠯᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠣᠨᠴᠠᠯᠢᠭ ᠢ ᠭᠦᠢᠴᠡᠳ ᠪᠣᠳᠣᠯᠬᠢᠯᠠᠵᠤ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠵᠣᠬᠢᠴᠠᠩᠭᠤᠢ ᠴᠢᠨᠠᠷ ᠢ ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠣᠨᠣᠪᠴᠢᠲᠠᠢ ᠪᠠᠷ ᠰᠢᠭᠤᠳ ᠬᠦᠷᠬᠦ ᠶᠢ ᠠᠬᠢᠭᠤᠯᠵᠤ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠷᠠᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠡᠷᠬᠡ ᠶᠢ ᠳᠤᠭᠤᠯᠵᠤ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠰᠢᠨ᠎ᠡ ᠪᠠᠶᠢᠳᠠᠯ ᠢ ᠨᠡᠭᠡᠭᠡᠪᠡ᠃ ᠰᠢᠨ᠎ᠡ ᠴᠠᠭ ᠦᠶ᠎ᠡ ᠶᠢᠨ 10 ᠵᠢᠯ ᠳᠤ᠂ ᠪᠢᠳᠡᠨ ᠤ ᠠᠬᠢᠭᠤᠯᠤᠭᠰᠠᠨ ᠥᠭᠡᠷᠡᠴᠢᠯᠡᠯᠲᠡ ᠪᠣᠯ ᠪᠦᠭᠦ ᠲᠠᠯ᠎ᠠ ᠶᠢᠨ᠂ ᠭᠦᠨ ᠳᠠᠪᠬᠤᠷᠭ᠎ᠠ ᠶᠢᠨ᠂ ᠦᠨᠳᠦᠰᠦᠨ ᠴᠢᠨᠠᠷᠲᠠᠢ ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ ᠬᠤᠪᠢᠰᠬᠠᠯᠴᠢ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠶᠤᠮ᠃ ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠨᠢᠭᠡ ᠤᠯᠤᠰ ᠪᠣᠯᠣᠨ ᠲᠦᠷᠦ ᠶᠢᠨ ᠨᠠᠮ ᠴᠦ  ᠡᠶᠢᠮᠦ ᠤᠯᠤᠰ ᠲᠦᠷᠦ ᠶᠢᠨ ᠰᠥᠰᠥ ᠵᠣᠷᠢᠭ ᠪᠣᠯᠣᠨ ᠲᠡᠦᠬᠡᠨ ᠬᠠᠷᠢᠭᠤᠴᠠᠯᠭ᠎ᠠ ᠡᠭᠦᠷᠭᠡᠯᠡᠯ ᠪᠠᠶᠢᠵᠤ ᠴᠢᠳᠠᠬᠤ ᠦᠭᠡᠢ ᠶᠤᠮ᠂ ᠢᠩᠭᠢᠵᠦ ᠵᠣᠷᠢᠭᠲᠠᠢ ᠪᠠᠷ ᠡᠷᠡᠰ ᠰᠢᠭᠤᠷᠬᠠᠢ ᠪᠠᠷ ᠬᠢᠲᠤᠭᠠᠨ ᠢᠷ ᠢᠶᠠᠨ ᠳᠣᠲᠣᠭᠰᠢ ᠪᠠᠨ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠬᠤ ᠦᠭᠡᠢ ᠶᠤᠮ᠂ ᠠᠯᠢ ᠴᠤ ᠤᠯᠤᠰ ᠪᠣᠯᠣᠨ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡ ᠲᠣᠳᠣ ᠣᠨᠴᠠᠯᠢᠭ ᠪᠣᠯᠣᠨ ᠢᠯᠡᠳᠲᠡ ᠳᠠᠪᠠᠭᠤᠯᠢᠭ ᠪᠣᠯᠣᠨ᠎ᠠ᠃      ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠬᠤ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠲᠥᠯᠦᠪᠵᠢᠭᠦᠯᠭᠡ᠂ ᠰᠢᠨ᠎ᠡ ᠶᠢ ᠡᠭᠦᠳᠬᠦ ᠰᠥᠰᠥ ᠵᠣᠷᠢᠭ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠳᠦᠭᠰᠡᠨ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠠᠷᠢᠯᠭᠠᠬᠤ᠂ ᠭᠦᠨ ᠳᠠᠪᠬᠤᠷᠭ᠎ᠠ ᠶᠢᠨ ᠠᠰᠢᠭ ᠲᠤᠰᠠ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠬᠦ ᠲᠠᠯ᠎ᠠ ᠪᠠᠷ ᠪᠠᠰᠠ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠠ ᠰᠠᠯᠠᠭ᠎ᠠ ᠮᠥᠴᠢᠷ ᠲᠤ ᠢᠯᠡᠭᠦᠬᠡᠨ ᠬᠦᠷᠴᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠨ ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ᠂ ᠪᠣᠳᠠᠲᠠᠢ ᠠᠰᠠᠭᠤᠳᠠᠯ ᠢ ᠭᠦᠨᠵᠡᠭᠡᠢ ᠰᠤᠳᠤᠯᠬᠤ ᠮᠥᠷᠲᠡᠭᠡᠨ ᠪᠠᠰᠠ ᠡᠯ᠎ᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠬᠤ ᠳᠠᠭᠠᠨ ᠴᠢᠳᠠᠮᠠᠭᠠᠢ ᠪᠠᠶᠢᠵᠤ᠂ ᠶᠡᠷᠦᠩᠬᠡᠢ ᠰᠡᠳᠬᠢᠴᠡ ᠪᠠ ᠪᠦᠭᠦ ᠲᠠᠯ᠎ᠠ ᠶᠢᠨ ᠠᠵᠢᠯ ᠤᠨ ᠲᠠᠯ᠎ᠠ ᠪᠠᠷ ᠢᠯᠡᠭᠦᠬᠡᠨ ᠲᠠᠷᠢᠬᠢ ᠲᠣᠯᠣᠭᠠᠢ ᠪᠠᠨ ᠬᠥᠳᠡᠯᠭᠡᠵᠦ᠂ ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠬᠤ᠂ ᠬᠡᠰᠡᠭ ᠵᠤᠷᠪᠤᠰ ᠢ ᠤᠶᠠᠯᠳᠤᠭᠤᠯᠬᠤ᠂ ᠣᠨᠣᠪᠴᠢᠲᠠᠢ ᠥᠨᠳᠥᠷ ᠪᠦᠲᠦᠮᠵᠢᠲᠡᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠥᠭᠡᠷᠡᠴᠢᠯᠡᠯᠲᠡ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠲᠠᠶᠢᠴᠢᠯᠠᠵᠥ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃      ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1