ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ 2023 ᠣᠨ ᠤ ᠬᠠᠤᠯᠢ ᠲᠦᠭᠡᠮᠡᠯᠵᠢᠭᠦᠯᠬᠦ ᠡᠭᠦᠷᠭᠡ ᠶᠢᠨ ᠬᠠᠭᠤᠳᠠᠰᠤ
ᠨᠡᠶᠢᠲᠡᠯᠡᠭᠰᠡᠨ ᠴᠠᠭ᠄
2023/4/24
    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠪᠥᠬᠦ ᠲᠠᠯ᠎ᠠ ᠪᠠᠷ ᠬᠠᠤᠯᠢ ᠎ ᠪᠠᠷ ᠲᠣᠭᠤᠷᠢᠭ ᠢᠶᠠᠨ ᠵᠠᠰᠠᠬᠤ ᠬᠤᠷᠢᠶᠠᠨ ᠤ ᠬᠠᠤᠯᠢ ᠎ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ︽2023 ᠣᠨ ᠤ ᠶᠤᠸᠠᠨ ᠪᠦᠦ ᠱᠠᠨ ᠲᠣᠭᠤᠷᠢᠭ ᠤᠨ ︿ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠶᠢ ᠲᠦᠭᠡᠮᠡᠯᠵᠢᠭᠦᠯᠬᠦ﹀ ᠡᠭᠦᠷᠭᠡ ᠶᠢᠨ ᠬᠠᠭᠤᠳᠠᠰᠤ ︾ ︵ᠶᠤᠸᠠᠨ ᠪᠣᠥ ᠱᠠᠨ ᠲᠣᠭᠤᠷᠢᠭ ᠤᠨ ᠬᠠᠤᠯᠢ ᠪᠠᠷ ᠲᠣᠭᠤᠷᠢᠭ ᠢᠶᠠᠨ ᠵᠠᠰᠠᠬᠤ ᠳᠤᠭᠤᠶᠢᠯᠠᠩ ᠤᠨ ﹇2023﹈ 3 ᠳ᠋ᠤᠭᠠᠷ ᠲᠣᠭᠠᠲᠤ︶᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ 2023 ᠣᠨ ᠤ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠬᠠᠤᠯᠢ ᠲᠦᠭᠡᠮᠡᠯᠵᠢᠭᠦᠯᠬᠦ ᠡᠭᠦᠷᠭᠡ ᠶᠢᠨ ᠬᠠᠭᠤᠳᠠᠰᠤ ᠶᠢ ᠲᠣᠭᠲᠠᠭᠠᠪᠠ᠃    ᠨᠢᠭᠡ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠨᠡᠷᠡᠶᠢᠳᠦᠯ    1. ︽ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ ︾    2. ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ︾    3. ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠬᠤ ᠬᠠᠤᠯᠢ ︾    4. ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ︾    5. ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ    ᠬᠤᠶᠠᠷ ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠭᠤᠣᠯᠳᠠᠯᠭ᠎ᠠ ᠲᠠᠢ ᠡᠲᠡᠭᠡᠳ    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠪᠥᠬᠦ ᠺᠠᠳ᠋ᠷ ᠠᠵᠢᠯᠲᠠᠨ ᠠᠵᠢᠯᠴᠢᠨ ᠪᠠ ᠨᠡᠶᠢᠭᠡᠮ ᠤᠨ ᠣᠯᠠᠨ ᠨᠡᠶᠢᠲᠡ᠃    ᠭᠤᠷᠪᠠ ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠣᠨ ᠤ ᠬᠠᠷᠠᠯᠲᠠ    ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠪᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠠᠪᠤᠳᠠᠯ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠦᠬᠦ ᠲᠠᠯ᠎ᠠ ᠳᠠᠬᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠲᠠᠰᠤᠷᠠᠯᠳᠠ ᠦᠭᠡᠢ ᠪᠠᠲᠤᠳᠬᠠᠨ ᠂ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠠᠬᠢ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠎ ᠶᠢ ᠭᠦᠨᠵᠡᠭᠡᠢ ᠰᠤᠷᠤᠯᠴᠠᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ ︾᠎ ᠢᠶᠠᠷ ᠭᠠᠷᠳᠠᠴᠠ ᠪᠣᠯᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠦᠨᠡᠨ ᠬᠦ ᠰᠠᠶᠢᠲᠤᠷ ᠬᠢᠵᠦ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ  ᠳᠤ ᠣᠷᠤᠬᠤ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠳ ᠲᠤ ᠡᠵᠡᠮᠰᠢᠭᠦᠯᠵᠦ᠂ ᠨᠡᠶᠢᠭᠡᠮ ᠨᠡᠶᠢᠲᠡ ᠳᠤ ᠣᠶᠢᠯᠠᠭᠠᠭᠤᠯᠵᠤ᠂ ᠬᠠᠤᠯᠢ ᠪᠠᠷ ᠵᠠᠰᠠᠭᠰᠠᠨ᠂ ᠳᠥᠭᠦᠮᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃    ᠳᠥᠷᠪᠡ᠂ ᠤᠬᠠᠭᠤᠯᠬᠤ ᠠᠷᠭ᠎ᠠ ᠮᠠᠶ᠋ᠢᠭ    ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢ ᠭᠦᠢᠴᠡᠳ ᠬᠡᠷᠡᠭᠯᠡᠨ ᠬᠠᠤᠯᠢ ᠲᠥᠭᠡᠮᠡᠯᠵᠢᠭᠦᠯᠬᠦ ᠤᠭᠠᠬᠤᠯᠭ᠎ᠠ ᠬᠢᠵᠦ᠂ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠨᠠᠶᠢᠷᠠᠭᠤᠯᠤᠨ ᠳᠠᠷᠤᠮᠠᠯᠯᠠᠬᠤ ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠦᠢᠯᠡᠳᠬᠦ ᠪᠠᠷ ᠳᠠᠮᠵᠢᠭᠤᠯᠤᠨ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠎ᠡ ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠪᠴᠢ ᠤᠯᠠᠨ ᠂ ᠬᠥᠮᠥᠨ ᠬᠠᠷ᠎ᠠ ᠣᠯᠡᠨ ᠪᠠᠶᠢᠳᠠᠭ ᠣᠨᠴᠠᠯᠢᠭ ᠢ ᠠᠰᠢᠭᠯᠠᠨ ᠂ ᠠᠮᠠᠷᠠᠬᠤ ᠣᠷᠤᠨ᠂  ᠴᠣᠩᠬᠤᠪᠴᠢ ᠶᠢᠨ ᠲᠠᠶᠢᠰᠠ ᠵᠡᠷᠭᠡ  ᠭᠠᠵᠠᠷ ᠲᠤ ᠦᠵᠡᠭᠦᠯᠦᠯᠭᠡ ᠶᠢᠨ ᠰᠠᠮᠪᠠᠷ᠎ᠠ ᠂ ᠡᠯᠧᠺᠲᠷᠣᠨ ᠳᠡᠯᠭᠡᠴᠡ ᠂ ᠤᠬᠠᠭᠤᠯᠭ᠎ᠠ ᠶᠢᠨ ᠭᠠᠷ ᠳᠡᠪᠲᠡᠷ ᠵᠡᠷᠭᠡ ᠬᠡᠯᠪᠡᠷᠢ ᠪᠠᠷ ᠬᠠᠤᠯᠢ ᠎ ᠶᠢ ᠲᠦᠭᠡᠮᠡᠯᠵᠢᠭᠦᠯᠵᠦ ᠂ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠨ᠎ᠠ ᠃ ᠵᠠᠰᠠᠭ ᠤᠨ ᠣᠷᠳᠣᠨ ᠤ  ᠰᠥᠯᠵᠢᠶ᠎ᠡ᠂ ︽ᠶᠤᠸᠠᠨ ᠪᠦᠦ ᠱᠠᠨ ᠤ ᠵᠠᠰᠠᠭ ᠤᠨ ᠶᠠᠪᠤᠳᠠᠯ︾᠎ ᠤᠨ ᠸᠢᠴᠠᠲ ᠨᠡᠶᠢᠲᠡ ᠶᠢᠨ ᠲᠠᠪᠴᠠᠩ ᠵᠡᠷᠭᠡ ᠠᠴᠢᠶᠠᠯᠠᠪᠤᠷᠢ ᠳᠤ ᠲᠦᠰᠢᠭᠯᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ︽ᠢᠨᠲ᠋ᠧᠷ ᠰᠦᠯᠵᠢᠶ᠎ᠡ + ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠪᠠᠶᠢᠷᠢᠰᠢᠯ ᠢ ᠪᠣᠶ ᠪᠣᠯᠭᠠᠨ᠎ᠠ᠃    ᠲᠠᠪᠤ ᠂ ᠬᠠᠷᠢᠭᠤᠴᠠᠬᠤ ᠤᠳᠤᠷᠢᠳᠤᠯᠭ᠎ᠠ    ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠣᠪᠴᠢᠶᠠᠨ ᠤ ᠲᠣᠪᠴᠢᠶᠠᠨ ᠳᠠᠷᠤᠭ᠎ᠠ ᠯᠢᠦᠢ ᠹᠧᠩ    ᠵᠢᠷᠭᠤᠭ᠎ᠠ ᠂ ᠬᠠᠷᠢᠭᠤᠴᠠᠬᠤ ᠬᠥᠮᠥᠨ    ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠣᠪᠴᠢᠶᠠᠨ ᠤ ᠪᠥᠬᠦ ᠺᠠᠳ᠋ᠷ ᠠᠵᠢᠯᠲᠠᠨ                 ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ                ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                   2023 ᠣᠨ ᠤ 4 ᠰᠠᠷ᠎ᠠ ᠶᠢᠨ 20᠎ ᠤ ᠡᠳᠥᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1