ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/25
    4 ᠰᠠᠷ᠎ᠠ ᠶᠢᠨ 7᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ᠂ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠯᠢ ᠬᠠᠢ ᠹᠧᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠶᠠᠷᠢᠯᠴᠠᠬᠤ ᠬᠤᠷᠠᠯ ᠬᠤᠷᠠᠯᠳᠤᠭᠤᠯᠬᠤ ᠬᠡᠯᠪᠡᠷᠢ ᠪᠠᠷ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠯᠢᠦ ᠱᠤᠸᠠᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠ ᠱᠤ᠋ ᠱᠦᠨ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ ᠂ ᠬᠤᠲᠠ ᠲᠣᠭᠤᠷᠢᠭ ᠤᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠠᠤᠯᠢ ᠴᠠᠭᠠᠵᠠ ᠶᠢᠨ ᠡᠲᠡᠭᠡᠳ ᠤᠨ ᠬᠥᠮᠥᠰ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠵᠢᠯᠲᠠᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠡᠷᠡᠭᠯᠡᠭᠴᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠲᠥᠯᠥᠭᠡᠯᠡᠭᠴᠢ ᠵᠢᠴᠢ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠲᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ᠂ ᠦᠢᠯᠡᠳᠪᠦᠷᠢᠯᠡᠵᠦ ᠰᠡᠯᠪᠢᠨ ᠵᠠᠰᠠᠬᠤ᠂ ᠳᠡᠩᠰᠡᠯᠡᠵᠦ ᠫᠠᠶᠢᠰᠠ ᠡᠯᠭᠦᠬᠦ᠂ ᠨᠡᠪᠲᠡᠷᠡᠬᠦ ᠲᠣᠭᠲᠠᠭᠠᠯ᠂ ᠴᠠᠬᠢᠯᠭᠠᠨ ᠴᠡᠨᠡᠭᠯᠡᠬᠦ ᠶᠢ ᠵᠢᠷᠤᠮᠵᠢᠭᠤᠯᠬᠤ᠂ ᠬᠠᠤᠯᠢ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠢᠳᠡᠪᠬᠢᠲᠡᠢ ᠪᠠᠷ ᠰᠠᠨᠠᠯ ᠵᠥᠪᠯᠡᠯᠭᠡ ᠎ ᠪᠠᠨ ᠶᠠᠷᠢᠨ ᠠᠷᠭ᠎ᠠ ᠤᠬᠠᠭᠠᠨ ᠭᠠᠷᠭᠠᠵᠤ ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ᠂ ᠬᠡᠷᠡᠭᠯᠡᠯᠲᠡ᠂ ᠫᠠᠶᠢᠰᠠ ᠡᠯᠭᠦᠬᠦ᠂ ᠨᠡᠪᠲᠡᠷᠡᠬᠦ᠂ ᠴᠠᠬᠢᠯᠭᠠᠨ ᠴᠡᠨᠡᠭᠯᠡᠬᠦ᠂ ᠲᠡᠷᠭᠡ ᠪᠠᠨ ᠲᠠᠯᠪᠢᠬᠤ ᠵᠢᠴᠢ ᠬᠠᠮᠢᠶᠠᠷᠤᠯᠲᠠ ᠶᠢᠨ ᠪᠠᠶᠢᠳᠠᠯ ᠪᠣᠯᠣᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠡᠷᠡᠭ ᠲᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠳᠤ ᠬᠤᠯᠪᠣᠭᠳᠠᠭᠰᠠᠨ ᠪᠠᠶᠢᠳᠠᠯ ᠢ ᠪᠦᠬᠦ ᠲᠠᠯ᠎ᠠ ᠎ ᠪᠠᠷ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ᠂ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠵᠦᠢ ᠵᠣᠬᠢᠰᠲᠠᠢ ᠰᠠᠨᠠᠯ ᠢ ᠭᠦᠢᠴᠡᠳ ᠭᠥᠯᠢᠶᠡᠨ ᠠᠪᠴᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠭᠥᠢᠴᠡᠳᠬᠡᠨ᠂ ︽ ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠮᠢᠶᠠᠷᠤᠯᠲᠠ ᠶᠢᠨ ᠳᠦᠷᠢᠮ︾᠎ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠡᠮᠬᠢ ᠵᠢᠷᠤᠮ ᠲᠠᠢ ᠪᠠᠷ ᠣᠷᠣᠨ ᠨᠤᠲᠤᠭ ᠤᠨ ᠬᠠᠤᠯᠢ ᠲᠣᠭᠲᠠᠭᠠᠬᠤ ᠳᠤ ᠣᠷᠣᠯᠴᠠᠬᠤ ᠬᠡᠯᠪᠡᠷᠢ ᠪᠠ ᠠᠷᠭ᠎ᠠ ᠵᠠᠮ ᠢ ᠥᠷᠭᠡᠳᠬᠡᠨ᠎ᠡ ᠭᠡᠵᠦ ᠢᠯᠡᠳᠬᠡᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1