ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 5 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/25
    4 ᠰᠠᠷ᠎ᠠ ᠶᠢᠨ 11᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ‍ᠤᠨ‌‍ᠲ᠋ᠠᠷᠤᠭ᠎ᠠ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 5 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠴᠢᠨ ᠶᠠᠨ ᠳ᠋ᠦᠩ᠂ ᠯᠢᠦ ᠱᠤᠸᠠᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠠᠢ ᠬᠠᠢ ᠤᠷᠢᠯᠭ᠎ᠠ ᠪᠠᠷ ᠬᠤᠷᠠᠯ ᠳᠤ ᠣᠷᠣᠯᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠣᠨ ᠶᠤᠸᠠᠨ ᠪᠦᠦ ᠱᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤᠷᠠᠭᠰᠠᠨ ᠬᠤᠷᠠᠯ ᠤᠨ ᠲᠣᠭᠲᠠᠴᠠ ︾ ᠎ ᠶᠢ ᠲᠤᠭᠤᠷᠪᠢᠭᠰᠠᠨ ᠪᠠᠶᠢᠳᠠᠯ ᠢ ᠰᠣᠨᠣᠰᠴᠤ ᠬᠢᠨᠠᠨ ᠵᠥᠪᠯᠡᠪᠡ ᠃    ᠬᠤᠷᠠᠯ ᠠᠴᠠ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠣᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠤᠳᠤᠯᠤᠨ ᠪᠠᠶᠢᠭᠤᠯᠤᠭᠰᠠᠨ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠵᠣᠷᠢᠯᠭ᠎ᠠ ᠨᠢ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠨᠡᠪᠳᠡᠷᠡᠨ ᠬᠤᠯᠪᠣᠯᠳᠤᠬᠤ ᠶᠢ ᠪᠠᠲᠤᠯᠠᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠶᠢᠨ ᠲᠥᠯᠥᠭᠡ ᠶᠤᠮ ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠢ ᠬᠠᠮᠲᠤᠷᠠᠭᠰᠠᠨ ᠬᠤᠷᠠᠯ ᠤᠨ ᠳᠦᠷᠢᠮ ᠢ ᠵᠠᠰᠠᠭ ᠤᠨ ᠣᠷᠳᠣᠨ ᠤ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠦᠴᠦᠲᠡᠢ ᠭᠠᠷᠳᠠᠴᠠ ᠪᠣᠯᠭᠠᠵᠤ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠬᠠᠮᠲᠤᠷᠠᠭᠰᠠᠨ ᠬᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠥᠨᠡᠨ ᠬᠦ ᠳᠡᠭᠡᠭᠰᠢᠯᠡᠭᠦᠯᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠥᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1