ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ 2023 ᠣᠨ ᠤ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/26
    4 ᠰᠠᠷ᠎ᠠ ᠶᠢᠨ 11᠎ ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ 2023 ᠣᠨ ᠤ ᠨᠠᠮ ᠤᠨ ᠰᠤᠷᠲᠠᠯ ᠪᠠ ᠴᠢᠬᠡᠴᠢ ᠵᠠᠰᠠᠭ ᠎ ᠤᠨ ᠪᠠᠶᠢᠭᠤᠯᠤᠯᠲᠠ ᠶᠢᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠸᠧᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠠᠢ ᠶᠠᠩ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠴᠢᠨ ᠶᠠᠨ ᠳ᠋ᠦᠩ᠂ ᠯᠢᠦ ᠱᠤᠸᠠᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠯᠢᠦ ᠬᠠᠢ ᠶᠠᠩ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ᠂ ᠸᠠᠺᠼᠢᠨ ᠤ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠠ ᠲᠣᠰᠣ ᠨᠡᠮᠡᠬᠦ ᠥᠷᠲᠡᠭᠡ ᠳᠤ ᠬᠤᠯᠪᠣᠭᠳᠠᠬᠤ ᠠᠰᠠᠭᠤᠳᠠᠯ ᠤᠨ ᠬᠤᠯᠪᠣᠭᠳᠠᠯ ᠪᠦᠬᠦᠢ ᠪᠠᠶᠢᠳᠠᠯ ᠢ ᠨᠡᠶᠢᠲᠡᠯᠡᠨ ᠮᠡᠳᠡᠭᠳᠡᠪᠡ᠃ ᠴᠢᠨ ᠶᠠᠨ ᠳ᠋ᠦᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠤ ᠪᠠᠨ ᠲᠣᠭᠤᠷᠢᠨ ᠳᠤ ᠪᠠᠶᠢᠷᠢᠯᠠᠭᠤᠯᠤᠯᠲᠠ ᠬᠢᠪᠡ᠃    ᠬᠤᠷᠠᠯ ᠠᠴᠠ ᠂ ᠬᠡᠷᠡᠭ ᠢ ᠵᠠᠷᠯᠠᠨ ᠮᠡᠳᠡᠭᠳᠡᠬᠦ ᠠᠴᠠ ᠭᠦᠨᠵᠡᠭᠡᠢ ᠰᠤᠷᠭᠠᠮᠵᠢ ᠠᠪᠴᠤ ᠂ ᠤᠯᠤᠰ ᠲᠦᠷᠦ ᠶᠢᠨ ᠤᠬᠠᠮᠰᠠᠷ ᠪᠣᠯᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠬᠤᠷᠢᠭ᠎ᠠ ᠱᠤᠭᠤᠮ ᠪᠣᠯᠣᠨ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠤᠯᠠᠭᠠᠨ ᠱᠤᠭᠤᠮ ᠢ ᠡᠷᠡᠰ ᠰᠠᠬᠢᠵᠤ ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ︽ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ ᠎ ᠶᠢ ᠰᠠᠶᠢᠲᠤᠷ ᠠᠳᠬᠤᠵᠤ ᠂ ᠭᠤᠣᠯᠳᠠᠯᠭ᠎ᠠ ᠲᠠᠢ ᠠᠵᠢᠯ ᠤᠨ ᠪᠠᠶᠢᠷᠢ ᠂ ᠭᠤᠣᠯᠳᠠᠯᠭ᠎ᠠ ᠲᠠᠢ ᠬᠦᠷᠢᠶ᠎ᠡ ᠂ ᠭᠤᠣᠯᠳᠠᠯᠭ᠎ᠠ ᠲᠠᠢ ᠭᠤᠭᠴᠤᠭ᠎ᠠ ᠳᠤ ᠴᠢᠭᠯᠡᠭᠦᠯᠦᠨ ᠲᠦᠷᠦᠯ ᠵᠦᠢᠯ ᠳᠠᠷᠠᠭᠠᠯᠠᠨ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠵᠦ ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠨᠡᠩ ᠰᠠᠨᠠᠭᠠᠴᠢᠯᠠᠭ᠎ᠠ ᠲᠠᠢ ᠪᠥᠭᠡᠳ ᠥᠨᠳᠥᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠲᠥᠰᠥᠯ ᠢ ᠬᠢᠨᠠᠨ ᠵᠥᠪᠰᠢᠶᠡᠷᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠵᠡᠷᠭᠡ ᠠᠵᠢᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠬᠡᠮ ᠰᠤᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠥᠰᠥᠯ ᠢ ᠬᠢᠨᠠᠨ ᠵᠥᠪᠰᠢᠶᠡᠷᠡᠬᠦ ᠶᠢ ᠳᠦᠷᠢᠮ ᠲᠣᠭᠲᠠᠭᠠᠯ ᠡᠮᠬᠢ ᠳᠠᠷᠠᠭᠠᠯᠠᠯ ᠢᠶᠠᠷ ᠴᠢᠩᠭᠠᠷᠠᠭᠤᠯᠤᠨ᠂ ᠬᠤᠳᠠᠯᠳᠤᠨ ᠠᠪᠬᠤ ᠲᠠᠰ ᠳᠠᠷᠠᠭᠠᠯᠠᠯ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠬᠢᠨᠠᠨ ᠲᠣᠭᠲᠠᠭᠠᠬᠤ ᠬᠦᠷᠢᠶ᠎ᠡ ᠴᠠᠷᠠᠭᠠᠨ ᠤ ᠠᠵᠢᠯ ᠢ ᠵᠢᠷᠤᠮᠵᠢᠭᠤᠯᠵᠤ᠂ ᠠᠵᠢᠯ ᠲᠥᠷᠥᠯ ᠤᠨ ᠬᠦᠷᠢᠶ᠎ᠡ ᠴᠠᠷᠠᠭᠠᠨ ᠤ ︽ᠪᠢᠴᠢᠯ ᠢᠯᠵᠠᠷᠠᠯ︾᠎ ᠢ ᠡᠷᠡᠰ ᠬᠤᠷᠢᠭᠯᠠᠬᠤ ᠬᠡᠷᠡᠭᠲᠡᠢ᠃ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠭᠦᠢᠴᠡᠳ ᠠᠰᠢᠭᠯᠠᠨ ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠬᠢ ᠵᠠᠩᠭᠢᠯᠠᠭ᠎ᠠ ᠎ ᠶᠢ ᠬᠦᠴᠦᠯᠡᠨ ᠣᠨᠣᠪᠴᠢᠲᠠᠢ ᠡᠷᠢᠵᠦ ᠂ ᠨᠠᠮ ᠤᠨ ᠰᠤᠷᠲᠠᠯ ᠪᠠ ᠴᠢᠬᠡᠴᠢ ᠪᠠᠷ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ᠰᠢᠪᠠᠳᠠᠨ ᠰᠢᠯᠭᠠᠬᠤ ᠶᠢ ᠬᠤᠯᠪᠣᠯᠳᠤᠭᠤᠯᠬᠤ ᠂ ᠠᠶᠤᠯᠭᠦᠢ ᠦᠢᠯᠡᠳᠪᠦᠷᠢᠯᠡᠯ ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠂ ᠲᠥᠰᠥᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠡᠷᠢᠭᠦᠨ ᠳᠤ ᠣᠷᠤᠬᠤ ᠪᠠᠷ ᠴᠢᠷᠮᠠᠶᠢᠬᠤ ᠤᠬᠠᠮᠰᠠᠷ ᠢᠶᠠᠨ ᠴᠢᠩᠭᠠᠳᠬᠠᠵᠤ᠂ ᠨᠢᠭᠡᠳᠦᠭᠡᠷ ᠤᠯᠠᠷᠢᠯ ᠤᠨ ᠠᠵᠢᠯ ᠤᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢ ᠰᠤᠯᠠᠷᠠᠭᠤᠯᠬᠤ ᠦᠭᠡᠢ᠂ ᠠᠶᠢᠵᠠᠮ ᠢ ᠬᠤᠪᠢᠷᠠᠭᠤᠯᠬᠤ ᠦᠭᠡᠢ ᠪᠠᠶᠢᠬᠤ ᠶᠢ ᠦᠷᠭᠦᠯᠵᠢᠯᠡᠨ ᠪᠠᠲᠤᠯᠠᠵᠤ᠂ ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠮᠠᠨ ᠤ ᠲᠣᠭᠤᠷᠢᠭ ᠤᠨ ᠵᠢᠩᠬᠢᠨᠢ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1