ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠲᠣᠭᠤᠷᠢᠭ ᠤᠨ ᠨᠠᠰᠤᠵᠢᠯ ᠤᠨ ᠦᠢᠯᠡᠰ ᠤᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2023/4/26
    4 ᠰᠠᠷ᠎ᠠ ᠶᠢᠨ 13᠎ ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠥᠬᠦ ᠲᠣᠭᠤᠷᠢᠭ ᠤᠨ ᠨᠠᠰᠤᠵᠢᠯ ᠤᠨ ᠦᠢᠯᠡᠰ ᠤᠨ ᠪᠠᠶᠢᠳᠠᠯ ᠢ ᠪᠠᠶᠢᠴᠠᠭᠠᠨ ᠰᠣᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠯᠢᠦ ᠱᠤᠸᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠶᠢᠨ ᠮᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠨᠢ ᠤᠷᠢᠳ ᠬᠤᠵᠢᠳ ᠶᠤᠸᠠᠨ ᠪᠦᠦ ᠱᠠᠨ ᠲᠣᠭᠤᠷᠢᠭ ᠤᠨ ᠨᠡᠶᠢᠭᠡᠮ ᠤᠨ ᠠᠰᠠᠷᠠᠮᠵᠢ ᠶᠢᠨ ᠲᠥᠪ᠂ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠸᠠᠩ ᠹᠦ᠋ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠶᠤᠸᠠᠨ ᠪᠦᠦ ᠱᠠᠨ ᠲᠣᠭᠤᠷᠢᠭ ᠤᠨ ᠱᠣ᠋ ᠯᠦᠨ ᠠᠰᠠᠷᠠᠮᠵᠢ ᠶᠢᠨ ᠲᠥᠪ᠂ ᠶᠤᠸᠠᠨ ᠪᠦᠦ ᠱᠠᠨ ᠲᠣᠭᠤᠷᠢᠭ ᠤᠨ ᠳ᠋ᠠᠢ ᠵᠢᠢ ᠯᠧ ᠶᠣᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠠᠷᠤ ᠮᠣᠬᠤᠷ ᠭᠤᠤᠯ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ ᠵᠡᠷᠭᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠂ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ᠂ ᠰᠠᠭᠤᠷᠢ ᠲᠥᠬᠦᠭᠡᠷᠡᠮᠵᠢ ᠶᠢᠨ ᠪᠦᠲᠦᠭᠡᠨ ᠪᠠᠶᠢᠭᠤᠯᠤᠯᠲᠠ᠂ ᠨᠠᠰᠤᠲᠠᠶᠢᠴᠤᠳ ᠤᠨ ᠠᠮᠢᠳᠤᠷᠠᠯ ᠵᠤᠭ᠎ᠠ ᠴᠡᠩᠭᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡ ᠂ ᠬᠠᠮᠢᠶᠠᠷᠤᠯᠲᠠ ᠶᠢᠨ ᠳᠦᠷᠢᠮ᠂ ᠠᠵᠢᠯᠲᠠᠨ ᠤ ᠲᠣᠬᠢᠷᠠᠭᠤᠯᠤᠯᠲᠠ᠂ ᠨᠠᠰᠤᠵᠢᠯ ᠤᠨ ᠠᠵᠢᠯᠲᠠᠨ ᠤ ᠣᠷᠣᠵᠤ ᠰᠠᠭᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠠᠷᠢᠨ ᠨᠢᠮᠪᠠᠢ ᠠᠰᠠᠭᠤᠨ ᠯᠠᠪᠯᠠᠪᠠ᠃    ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠎ ᠶᠢᠨ ᠮᠢᠩ ᠤᠨ ᠬᠢᠭᠰᠡᠨ ᠪᠦᠬᠦ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠶᠤᠸᠠᠨ ᠪᠦᠦ ᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠩᠬᠠᠷᠤᠨ ᠳᠡᠮᠵᠢᠬᠦ ᠶᠢ ᠬᠥᠲᠥᠯᠥᠨ ᠵᠢᠯᠤᠭᠤᠳᠴᠤ ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠲᠥᠯᠥᠪᠵᠢᠭᠦᠯᠦᠨ ᠵᠢᠯᠤᠭᠤᠳᠬᠤ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ᠂ ᠵᠠᠬ᠎ᠠ ᠳᠡᠯᠭᠡᠭᠦᠷ ᠢ ᠪᠣᠶᠢᠵᠢᠭᠤᠯᠬᠤ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠲᠠᠯ᠎ᠠ ᠪᠠᠷ ᠎ ᠬᠢ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠷᠢᠰᠢᠯ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ ᠨᠠᠰᠤᠵᠢᠯ ᠤᠨ ᠦᠢᠯᠡᠴᠢᠯᠡᠭᠡᠨ ᠤ ᠲᠣᠣᠷ ᠢ ᠲᠦᠷᠭᠡᠳᠬᠡᠨ ᠪᠠᠶᠢᠭᠤᠯᠵᠤ ᠂ ᠨᠠᠰᠤᠵᠢᠯ ᠤᠨ ᠦᠢᠯᠡᠰ ᠤᠨ ᠲᠡᠩᠴᠡᠭᠦᠷᠢᠲᠡᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠡᠯᠪᠡᠷᠢ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠮᠵᠢ᠂ ᠦᠢᠯᠡᠴᠢᠯᠡᠭᠡᠨ ᠤ ᠠᠷᠭ᠎ᠠ ᠮᠠᠶ᠋ᠢᠭ᠂ ᠦᠢᠯᠡᠴᠢᠯᠡᠭᠡᠨ ᠤ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠬᠦᠴᠦ ᠲᠠᠯᠪᠢᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠨᠢᠭᠡᠴᠢ ᠨᠦᠭᠦᠳ ᠬᠠᠮᠵᠢᠯᠴᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ ᠂ ᠪᠥᠬᠦ ᠲᠣᠭᠤᠷᠢᠭ ᠤᠨ ᠨᠠᠰᠤᠵᠢᠯ ᠤᠨ ᠦᠢᠯᠡᠰ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1