4 ᠰᠠᠷ᠎ᠠ ᠶᠢᠨ 10 ᠠᠴᠠ 14 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ | ᡁᠢ ᠶᠦᠩ ᠪᠦᠯᠬᠦᠮ ᠳᠠᠭᠠᠭᠤᠯᠤᠨ ᠱᠠᠩᠬᠠᠢ᠂ ᠵᠢᠶᠠᠩᠰᠤ᠂ ᠲᠢᠶᠠᠨᠵᠢᠨ ᠳᠤ ᠬᠦᠷᠴᠦ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠬᠥᠬᠡᠮᠥ᠋ᠷᠡᠨ ᠤ ᠪᠡᠯᠡ ᠣᠷᠤᠭᠤᠯᠤᠯᠲᠠ ᠶᠢᠨ | ᠪᠦᠯᠦᠭᠯᠡᠯ ᠂ ᠵᠢᠶᠠᠩᠰᠤ ᠶᠢᠨ ᠾᠥᠢ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠂ ᠵᠢᠶᠠᠩᠰᠤ ᠶᠢᠨ ᠡᠨᠧᠷᠭᠢ ᠬᠠᠳᠠᠭᠠᠯᠠᠬᠤ ᠠᠵᠢᠯ ᠲᠦᠷᠦᠯ ᠤᠨ ᠨᠡᠶᠢᠭᠡᠮᠯᠢᠭ ᠂ ᠹᠧᠩ ᠴᠣᠥ ᠡᠨᠧᠷᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠲᠢᠶᠠᠨ ᠾᠧ ᠭᠡᠷᠡᠯ ᠤᠨ ᠡᠨᠧᠷᠭᠢ ᠶᠢᠨ ᠬᠢᠵᠠᠭᠠᠷᠲᠤ | ᠺᠣᠮᠫᠠᠨᠢ ᠂ ᠴᠠᠩᠵᠸᠦ ᠶᠢᠨ ᠸᠠᠨ ᠪᠠᠩ ᠲᠣᠭᠠᠴᠢᠯᠠᠭᠰᠠᠨ ᠡᠨᠧᠷᠭᠢ ᠶᠢᠨ ᠬᠢᠵᠠᠭᠠᠷᠲᠤ ᠺᠣᠮᠫᠠᠨᠢ ᠂ ᠲᠢᠶᠠᠨᠵᠢᠨ ᠤ ᠯᠢ ᠠᠨ | ᠯᠦᠩ ᠰᠢᠨ᠎ᠡ ᠮᠠᠲ᠋ᠧᠷᠢᠶᠠᠯ ᠤᠨ ᠺᠣᠮᠫᠠᠨᠢ ᠵᠡᠷᠭᠡ ᠠᠵᠤ ᠠᠬᠤᠶᠢᠯᠠᠯ ᠤᠨ ᠪᠠᠶᠢᠭᠤᠯᠤᠮᠵᠢ ᠶᠢ ᠠᠵᠢᠯ ᠵᠣᠯᠭᠠᠭᠤᠯᠤᠨ | ᠰᠢᠨᠵᠢᠯᠡᠨ ᠪᠠᠶᠢᠴᠠᠭᠠᠪᠠ ᠃ | ᠵᠢᠶᠠᠩ ᠶᠢᠨ ᠤ ᠬᠥᠬᠡᠮᠥ᠋ᠷᠡᠨ ᠤ ᠪᠡᠯᠡ ᠣᠷᠤᠭᠤᠯᠤᠯᠲᠠ ᠶᠢᠨ ᠪᠦᠯᠦᠭᠯᠡᠯ ᠂ ᠵᠢᠶᠠᠩᠰᠤ ᠶᠢᠨ ᠾᠥᠢ ᠯᠢ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠲᠢᠶᠠᠨᠵᠢᠨ ᠤ ᠯᠢ ᠠᠨ ᠯᠦᠩ | ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠪᠦᠯᠬᠦᠮ ᠪᠣᠯᠣᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠢᠨ᠎ᠡ | ᠡᠨᠧᠷᠭᠢ ᠶᠢᠨ ᠳ᠋ᠢᠶᠠᠨ ᡂᠢ ᠶᠢᠨ ᠮᠠᠲ᠋ᠧᠷᠢᠶᠠᠯ ᠂ ᠡᠮ ᠡᠮᠨᠡᠯᠭᠡ ᠶᠢᠨ ᠵᠠᠪᠰᠠᠷ ᠤᠨ ᠴᠣᠭᠴᠠ ᠪᠣᠯᠣᠨ ᠢᠰᠬᠡᠭᠦᠷ ᠤᠨ | ᠨᠠᠶᠢᠷᠠᠯᠭ᠎ᠠ ᠂ ᠣᠶᠤᠨᠲᠤ ᠡᠨᠧᠷᠭᠢ ᠬᠠᠳᠠᠭᠠᠯᠠᠬᠤ ᠵᠡᠷᠭᠡ ᠲᠥᠰᠥᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ | ᠭᠦᠨᠵᠡᠭᠡᠢ ᠶᠠᠷᠢᠯᠴᠠᠵᠤ ᠂ ᠬᠠᠮᠲᠤᠷᠠᠯᠴᠠᠭᠠᠨ ᠤ ᠰᠠᠨᠠᠮᠵᠢ ᠶᠢ ᠲᠣᠬᠢᠷᠠᠯᠴᠠᠵᠠᠢ ᠃ | ᠵᠢᠶᠠᠩᠰᠤ ᠶᠢᠨ ᠡᠨᠧᠷᠭᠢ ᠬᠠᠳᠠᠭᠠᠯᠠᠬᠤ ᠨᠡᠶᠢᠭᠡᠮᠯᠢᠭ ᠲᠤ ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠡᠨᠧᠷᠭᠢ | ᠬᠠᠳᠠᠭᠠᠯᠠᠬᠤ ᠨᠡᠶᠢᠭᠡᠮᠯᠢᠭ ᠤᠨ ᠣᠳᠣᠬᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ ᠂ ᠨᠡᠶᠢᠭᠡᠮᠯᠢᠭ ᠲᠠᠢ ᠣᠳᠣᠬᠠᠨ ᠤ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢᠨ ᠢᠷᠡᠭᠡᠳᠦᠢ ᠶᠢᠨ ᠴᠢᠭᠯᠡᠯ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠵᠠᠭᠪᠤᠷ ᠤᠨ | ᠲᠤᠬᠠᠢ ᠰᠤᠳᠤᠯᠤᠨ ᠶᠠᠷᠢᠯᠴᠠᠵᠤ ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ | ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠵᠠᠢ ᠃ | ᠹᠧᠩ ᠴᠣᠥ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠾᠧ ᠭᠡᠷᠡᠯ ᠤᠨ ᠡᠨᠧᠷᠭᠢ ᠶᠢᠨ ᠬᠢᠵᠠᠭᠠᠷᠲᠤ | ᠺᠣᠮᠫᠠᠨᠢ᠂ ᠴᠠᠩ ᠵᠧᠦ ᠶᠢᠨ ᠸᠠᠨ ᠪᠠᠩ ᠲᠣᠭᠠᠴᠢᠯᠠᠭᠰᠠᠨ ᠡᠨᠧᠷᠭᠢ ᠶᠢᠨ ᠺᠤᠮᠫᠠᠨᠢ ᠵᠡᠷᠭᠡ ᠠᠵᠤ ᠠᠬᠤᠶᠢᠯᠠᠯ ᠳᠤ᠂ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠤᠨ ᠠᠵᠢᠯ ᠲᠦᠷᠦᠯ ᠤᠨ ᠵᠠᠬ᠎ᠠ ᠳᠡᠯᠭᠡᠭᠦᠷ ᠵᠢᠴᠢ | ᠬᠥᠭᠵᠢᠯᠲᠡ ᠶᠢᠨ ᠣᠳᠣᠬᠢ ᠪᠠᠶᠢᠳᠠᠯ ᠢ ᠨᠢᠭᠡᠳ ᠨᠢᠭᠡ ᠪᠠᠷ ᠲᠣᠭᠤᠷᠢᠨ ᠦᠵᠡᠬᠦ ᠶᠢᠨ ᠬᠠᠮᠲᠤ ᠨᠠᠷᠢᠨ ᠣᠶᠢᠯᠠᠭᠠᠵᠤ ᠂ | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠣᠳᠣᠬᠠᠨ ᠤ ᠰᠢᠨ᠎ᠡ ᠡᠨᠧᠷᠭᠢ ᠵᠢᠴᠢ ᠡᠨᠧᠷᠭᠢ ᠬᠠᠳᠠᠭᠠᠯᠠᠬᠤ ᠠᠵᠢᠯ | ᠲᠦᠷᠦᠯ ᠤᠨ ᠪᠡᠯᠡ ᠣᠷᠤᠭᠤᠯᠤᠯᠲᠠ ᠶᠢᠨ ᠬᠠᠮᠲᠤᠷᠠᠯᠴᠠᠭᠠᠨ ᠤ ᠵᠠᠭᠪᠤᠷ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠨ ᠶᠠᠷᠢᠯᠴᠠᠵᠤ ᠂ ᠶᠤᠸᠠᠨ ᠪᠦᠦ ᠱᠠᠨ ᠲᠣᠭᠤᠷᠢᠭ ᠢ ᠤᠬᠠᠭᠤᠯᠤᠨ ᠲᠠᠨᠢᠯᠴᠠᠭᠤᠯᠬᠤ ᠶᠢᠨ ᠬᠠᠮᠲᠤ ᠂ | ᠬᠠᠮᠲᠤᠷᠠᠯᠴᠠᠨ ᠬᠥᠭᠵᠢᠬᠦ ᠣᠷᠣᠨ ᠵᠠᠢ ᠶᠢ ᠢᠳᠡᠪᠬᠢᠲᠡᠢ ᠬᠠᠶᠢᠨ ᠰᠦᠪᠡᠭᠴᠢᠯᠡᠪᠡ ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ | ᠳᠡᠳ᠋ ᠲᠣᠭᠤᠷᠢᠭ ᠤᠨ ᠳᠠᠷᠤᠭ᠎ᠠ ᠵᠢᠶᠣᠣ ᠴᠢᠩ ᠳ᠋ᠦᠩ ᠂ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠠᠵᠤ ᠦᠢᠯᠡᠰ ᠤᠨ | ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠮᠥᠩᠭᠦᠨ | ᠭᠦᠢᠯᠭᠡᠭᠡ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠨᠥᠬᠦᠳ ᠬᠠᠮᠲᠤ ᠰᠢᠨᠵᠢᠯᠡᠨ ᠪᠠᠶᠢᠴᠠᠭᠠᠪᠠ᠃ | |