ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠷᠠᠳᠢᠣ᠋ ᠲᠧᠯᠸᠢᠰ ᠵᠠᠭᠤᠴᠢᠯᠠᠭᠤᠷ ᠤᠨ ᠠᠭᠤᠰᠤᠯᠴᠠᠨ ᠬᠥᠭᠵᠢᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/27
    4 ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠲᠣᠪᠴᠢᠶᠠᠨ ᠤ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠠᠨ ᠢ ᠴᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠷᠠᠳᠢᠣ᠋ ᠲᠧᠯᠸᠢᠰ ᠵᠠᠭᠤᠴᠢᠯᠠᠭᠤᠷ ᠤᠨ ᠠᠭᠤᠰᠤᠯᠴᠠᠨ ᠬᠥᠭᠵᠢᠵᠦ ᠪᠠᠶᠢᠳᠠᠯ ᠢ ᠪᠠᠶᠢᠴᠠᠭᠠᠨ ᠰᠤᠳᠤᠯᠪᠠ ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠯᠢᠶᠠᠩ ᠰᠢᠶᠣᠣ ᠨᠠᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠡᠯ᠎ᠡ ᠴᠢᠳᠠᠮᠵᠢᠲᠤ ᠣᠷᠣᠨ ᠪᠣᠯᠣᠨ ᠬᠤᠶᠢᠲᠤ ᠠᠭᠤᠯᠠᠨ ᠤ ᠬᠠᠷᠪᠤᠯᠲᠠ ᠶᠢᠨ ᠲᠠᠪᠴᠠᠩ ᠳᠤ ᠬᠦᠷᠥᠨ ᠲᠤᠬᠠᠢ ᠶᠢᠨ ᠭᠠᠵᠠᠷ ᠎ ᠲᠤᠨᠢ ᠪᠠᠶᠢᠴᠠᠭᠠᠨ ᠦᠵᠡᠵᠦ ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠂ ᠷᠠᠳᠢᠣ᠋ ᠲᠧᠯᠸᠢᠰ ᠤᠨ ᠠᠮᠤᠷ ᠲᠦᠪᠰᠢᠨ ᠳᠠᠮᠵᠢᠭᠤᠯᠭ᠎ᠠ ᠨᠡᠪᠲᠡᠷᠡᠭᠦᠯᠭᠡ ᠶᠢᠨ ᠪᠠᠲᠤᠯᠠᠭ᠎ᠠ ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠂ ᠬᠠᠮᠢᠶᠠᠷᠤᠯᠲᠠ ᠡᠵᠡᠩᠨᠡᠯᠲᠡ ᠶᠢᠨ ᠲᠣᠭᠲᠠᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃    ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠶᠡᠷᠦᠩᠬᠡᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠠᠭᠤᠰᠤᠯᠴᠠᠨ ᠬᠥᠭᠵᠢᠬᠦ ᠶᠠᠪᠤᠴᠠ ᠳᠠᠬᠢ ᠬᠦᠴᠢᠷ ᠠᠰᠠᠭᠤᠳᠠᠯ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠲᠤᠬᠠᠢ ᠬᠤᠷᠠᠯ ᠳᠤ ᠣᠷᠣᠯᠴᠠᠭᠰᠠᠳ ᠲᠠᠢ ᠭᠦᠨᠵᠡᠭᠡᠢ ᠰᠠᠨᠠᠯ ᠢᠶᠠᠨ ᠰᠣᠯᠢᠯᠴᠠᠨ ᠶᠠᠷᠢᠯᠴᠠᠪᠠ ᠃ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠭᠦᠢᠴᠡᠳ ᠨᠤᠲᠠᠯᠠᠬᠤ ᠶᠢᠨ ᠬᠠᠮᠲᠤ ᠂ ᠳᠠᠷᠠᠭᠠᠴᠢ ᠶᠢᠨ ᠠᠯᠬᠤᠮ ᠳᠤ ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠢᠨ ︽ ᠠᠭᠤᠰᠤᠯᠴᠠᠯ + ︾ ᠵᠠᠭᠪᠤᠷ ᠢ ᠦᠷᠭᠦᠯᠵᠢᠯᠡᠨ ᠰᠦᠪᠡᠭᠴᠢᠯᠡᠵᠦ ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠂ ᠠᠭᠤᠯᠭ᠎ᠠ ᠶᠢᠨ ᠰᠢᠨ᠎ᠡ ᠶᠢ ᠡᠭᠦᠳᠬᠦ ᠂ ᠬᠡᠯᠪᠡᠷᠢ ᠶᠢᠨ ᠰᠢᠨ᠎ᠡ ᠶᠢ ᠡᠭᠦᠳᠬᠦ ᠂ ᠠᠷᠭ᠎ᠠ ᠶᠢᠨ ᠰᠢᠨ᠎ᠡ ᠶᠢ ᠡᠭᠦᠳᠬᠦ ᠶᠢ ᠴᠢᠨᠠᠭᠰᠢᠳᠠ ᠠᠬᠢᠭᠤᠯᠵᠤ ᠂ ᠷᠠᠳᠢᠣ᠋ ᠲᠧᠯᠸᠢᠰ ᠪᠣᠯᠣᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ︔ ᠰᠠᠨᠠᠭᠠᠴᠢᠯᠠᠭ᠎ᠠ ᠠᠴᠠ ᠪᠠᠨ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠳᠠᠪᠠᠭᠤᠯᠢᠭ ᠢ ᠠᠰᠢᠭᠯᠠᠵᠤ ᠂ ᠣᠬᠤᠷ ᠸᠢᠳᠢᠤ᠋ ᠶᠢᠨ ᠲᠠᠪᠴᠠᠩ ᠢ ᠭᠦᠨᠵᠡᠭᠡᠶᠢᠷᠡᠭᠦᠯᠵᠦ ᠂ ᠰᠣᠨᠢᠨ ᠮᠡᠳᠡᠭᠡᠨ ᠤ ᠰᠦᠪᠡᠭᠴᠢ ᠶᠢ ᠭᠦᠨᠵᠡᠭᠡᠢ ᠠᠭᠤᠳᠠᠯᠵᠤ ᠂ ᠰᠣᠳᠣᠨ ᠪᠦᠲᠦᠭᠡᠯ ᠢ ᠲᠠᠰᠤᠷᠠᠯᠲᠠ ᠦᠭᠡᠢ ᠭᠠᠷᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠴᠤ ᠢᠳᠡᠪᠬᠢᠲᠡᠢ ᠪᠠᠷ ᠠᠵᠢᠯᠯᠠᠵᠤ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠲᠤ ᠨᠠᠩ ᠣᠯᠠᠨ ᠮᠡᠷᠭᠡᠵᠢᠯ ᠤᠨ ᠪᠣᠯᠪᠠᠰᠤᠷᠠᠭᠤᠯᠤᠯ ᠤᠨ ᠲᠠᠪᠴᠠᠩ ᠢ ᠴᠢᠷᠮᠠᠶᠢᠨ ᠪᠠᠶᠢᠭᠤᠯᠵᠤ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠴᠢᠨᠠᠷ ᠰᠠᠶᠢᠲᠠᠢ ᠳᠡᠭᠡᠳᠦ ᠬᠤᠷᠳᠤᠴᠠ ᠲᠠᠢ ᠥᠨᠳᠥᠷ ᠪᠦᠲᠦᠮᠵᠢᠲᠡᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1