ᠥᠪᠥᠷ ᠮᠣᠩᠭᠤᠯ ᠤᠨ ᠫᠥ᠋ ᠶᠢᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/4/27
    ︽ 2021 ᠣᠨ ᠤ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠬᠡᠷᠡᠭᠵᠢᠭᠦᠯᠦᠭᠰᠡᠨ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ ᠥᠪᠥᠷ ᠮᠤᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠤᠨ ﹇2021﹈ 601 ᠳ᠋ᠣᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠫᠥ᠋ ᠶᠢᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢᠨ ᠠᠵᠤ ᠠᠬᠤᠶᠢᠯᠠᠯ ᠢᠶᠠᠷ ᠵᠢᠭᠰᠠᠭᠠᠭᠳᠠᠵᠤ᠂ ᠬᠤᠣᠰ ᠥᠮᠴᠢᠯᠡᠯᠲᠦ ᠠᠵᠤ ᠠᠬᠤᠶᠢᠯᠠᠯ ᠳᠤ ᠬᠠᠷᠢᠶᠠᠯᠠᠭᠳᠠᠨ᠎ᠠ᠃ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠥᠪᠥᠷ ᠮᠣᠩᠭᠤᠯ ᠤᠨ ᠫᠥ᠋ ᠶᠢᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠨᠡᠶᠢᠲᠡᠯᠡᠵᠦ ᠪᠠᠶᠢᠨ᠎ᠠ᠃    ᠥᠪᠥᠷ ᠮᠣᠩᠭᠤᠯ ᠤᠨ ᠫᠥ᠋ ᠶᠢᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ 2021 ᠣᠨ ᠤ 7 ᠰᠠᠷ᠎ᠠ ᠳᠤ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2022 ᠣᠨ ᠤ 5 ᠰᠠᠷ᠎ᠠ ᠳᠤ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢᠨ ᠮᠡᠳᠡᠭᠦᠯᠦᠯᠲᠡ  ᠎ ᠨᠢ ᠠᠩᠬᠠᠨ ᠤ ᠡᠭᠡᠯᠵᠢ ᠶᠢᠨ ᠲᠤᠰᠬᠠᠢ ᠮᠡᠷᠭᠡᠵᠢᠯᠲᠡᠨ ᠤ ᠬᠠᠮᠲᠤᠷᠠᠭᠰᠠᠨ ᠬᠢᠨᠠᠨ ᠪᠠᠶᠢᠴᠠᠭᠠᠯᠲᠠ ᠶᠢ ᠥᠩᠭᠡᠷᠡᠭᠡᠵᠥ ᠂ 2022 ᠣᠨ ᠤ 12 ᠰᠠᠷ᠎ᠠ ᠳᠤ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠵᠣ ᠰᠢᠯᠭᠠᠨ ᠠᠪᠬᠤ ᠠᠵᠢᠯ ᠢ ᠪᠡᠶᠡᠯᠡᠭᠦᠯᠪᠡ ᠃    ᠲᠣᠰ ᠡᠭᠡᠯᠵᠢ ᠶᠢᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠳᠤ 3 ᠵᠦᠢᠯ ᠤᠨ ᠲᠥᠰᠥᠪ ᠳᠤᠷᠠᠳᠴᠤ᠂ 2 ᠵᠦᠢᠯ ᠤᠨ ᠰᠦᠢᠳᠬᠡᠯ ᠥᠯᠥ ᠬᠤᠷᠢᠶᠠᠬᠤ ᠲᠥᠰᠥᠪ ᠪᠠ 1 ᠵᠦᠢᠯ ᠤᠨ ᠳᠤᠮᠳᠠ/ᠥᠨᠳᠥᠷ ᠰᠦᠢᠳᠬᠡᠯ ᠤᠨ  ᠲᠥᠰᠥᠪ ᠢ ᠨᠢᠭᠡᠨᠲᠡ ᠪᠦᠬᠦᠨ ᠢ ᠬᠡᠷᠡᠭᠵᠢᠭᠦᠯᠪᠡ ᠃ ᠰᠦᠢᠳᠬᠡᠯ ᠥᠯᠥ ᠬᠤᠷᠢᠶᠠᠬᠤ ᠲᠥᠰᠥᠪ ᠲᠤ ᠨᠡᠶᠢᠲᠡ 1.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 52.3 ᠲᠦᠮᠡᠨ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠎ ᠲᠠᠢ ᠪᠣᠯᠪᠠ ᠃ ᠵᠢᠯ ᠤᠨ ᠴᠠᠬᠢᠯᠭᠠᠨ ᠢ 23.76 ᠲᠦᠮᠡᠨ ᠭᠷᠡᠳᠦ᠋ᠰ ᠠᠷᠪᠢᠯᠠᠵᠤ ᠂ ᠠᠭᠤᠷ ᠢ 1800 ᠲᠣᠨ ᠠᠷᠪᠢᠯᠠᠨ᠎ᠠ ᠃ ᠳᠤᠮᠳᠠ/ᠥᠨᠳᠥᠷ ᠰᠦᠢᠳᠬᠡᠯ ᠤᠨ ᠲᠥᠰᠥᠪ ᠲᠤ 42.44 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 83.31 ᠲᠦᠮᠡᠨ ᠲᠥᠭᠦᠷᠢᠭ ᠤᠨ ᠠᠰᠢᠭ ᠭᠥᠷᠳᠡᠵᠦ᠂ ᠵᠢᠯ ᠳᠤ 16.77 ᠲᠦᠮᠡᠨ ᠲᠣᠨ ᠰᠢᠨ᠎ᠡ ᠰᠣᠷᠭᠤᠭ ᠤᠰᠤ ᠠᠷᠪᠢᠯᠠᠵᠤ᠂ 16.65 ᠲᠦᠮᠡᠨ ᠲᠣᠨ ᠬᠠᠶᠠᠭᠳᠠᠮᠠᠯ ᠤᠰᠤ ᠭᠠᠷᠭᠠᠬᠤ ᠬᠡᠮᠵᠢᠶ᠎ᠡ ᠶᠢ 16.65 ᠲᠦᠮᠡᠨ ᠲᠣᠨ ᠪᠠᠭᠠᠰᠬᠠᠪᠠ᠃    ᠣᠨᠴᠠᠭᠠᠶᠢᠯᠠᠨ ᠵᠠᠷᠯᠠᠪᠠ                            ᠤᠯᠠᠭᠠᠨᠬᠠᠳᠠ ᠬᠤᠲᠠ ᠶᠢᠨ ᠠᠮᠢ ᠠᠬᠤᠢ ᠶᠢᠨ                           ᠣᠷᠴᠢᠨ ᠲᠣᠭᠤᠷᠢᠨ ᠤ ᠲᠣᠪᠴᠢᠶ᠎ᠠ ᠶᠢᠨ ᠶᠤᠸᠠᠨ                           ᠪᠦᠦ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ                             2023 ᠣᠨ ᠤ 4 ᠰᠠᠷ᠎ᠠ ᠶᠢᠨ 26 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1