ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/28
    1_副本.jpg
       4 ᠰᠠᠷ᠎ᠠ ᠶᠢᠨ 17᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠵᠠᠩ ᡁᠢ ᠸᠧᠢ ᠂ ᠹᠦ᠋ ᠰᠢᠸ ᠾᠥᠢ᠂ ᠴᠢᠨ ᠶᠠᠨ ᠳ᠋ᠦᠩ ᠂ ᠵᠢᠶᠣᠣ ᠴᠢᠩ ᠳ᠋ᠦᠩ ᠂ ᠬᠠᠨ ᠶᠠᠨ ᠵᠢᠶᠦ᠋ᠨ ᠂ ᠯᠤᠸᠠᠨ ᠶᠦᠨ ᠾᠧ ᠂ ᠯᠢ ᡁᠢ ᠭᠠᠩ ᠂ ᠵᠠᠩ ᠯᠢ ᠲᠤᠤ ᠬᠤᠷᠠᠯ ᠳᠤ ᠣᠷᠣᠯᠴᠠᠪᠠ ᠃ ᠲᠣᠭᠤᠷᠢᠭ ᠤᠨ ᠤᠳᠤᠷᠢᠳᠤᠯᠭ᠎ᠠ ᠯᠢ ᠺᠠᠢ᠂ ᠸᠠᠩ ᠵᠧᠨ ᠯᠢᠶᠠᠩ᠂ ᠯᠢ ᠸᠧᠨ ᠵᠢᠶᠦ᠋ᠨ᠂ ᠵᠠᠩ ᠴᠢᠶᠣᠨ᠂ ᠵᠢᠶᠠ  ᠱᠣ᠋ ᠱᠦᠨ᠂ ᠯᠢ ᠽᠥᠩ ᠮᠧᠩ᠂ ᠶᠢᠨ ᠮᠢᠩ᠂ ᠪᠦᠦ ᠶᠦᠨ ᠳ᠋ᠦᠩ᠂ ᠶᠢᠨ ᠲᠧᠩ ᠵᠢᠶᠣᠣ᠂ ᠯᠢᠦ ᠹᠧᠩ ᠬᠤᠸᠠ᠂ ᠢᠦᠢ ᠽᠦᠸᠧ ᠬᠤᠸ᠂ ᠳ᠋ᠢᠩ ᠰᠢᠶᠣᠣ ᠢᠦᠢ᠂ ᠯᠢᠦ ᠯᠢᠩ ᠶᠠᠨ᠂ ᠦ᠋ ᠰᠢᠸ ᠮᠢᠩ᠂ ᠹᠠᠨ ᠰᠢᠶᠣᠣ ᠴᠢᠦ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ 3 ᠰᠠᠷ᠎ᠠ ᠶᠢᠨ 30᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠤᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠲᠤᠬᠠᠢ ᠠᠵᠢᠯ ᠤᠨ ᠲᠥᠰᠥᠪ ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠪᠦᠬᠦ ᠣᠷᠣᠨ ᠳᠤ ᠪᠠᠶᠢᠴᠠᠭᠠᠨ ᠰᠤᠳᠤᠯᠤᠯᠲᠠ ᠎ ᠶᠢ ᠶᠡᠭᠡ ᠪᠠᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠪ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠎ ᠶᠢ ᠭᠦᠨᠵᠡᠭᠡᠶᠢᠷᠡᠭᠦᠯᠵᠦ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾᠂ ᠲᠥᠪ ᠤᠨ ︽ᠬᠤᠣᠰ ᠪᠠᠶᠢᠴᠠᠭᠠᠯᠲᠠ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ︔ ︽ 2023 ᠣᠨ ᠤ ᠶᠤᠸᠠᠨ ᠪᠦᠦ ᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠵᠢᠴᠢ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ︵ᠬᠦᠷᠭᠡᠨ ᠬᠢᠨᠠᠭᠤᠯᠬᠤ ᠨᠣᠣᠷᠠᠭ︶︾᠎ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ︔ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃    ᠬᠤᠷᠠᠯ ᠠᠴᠠ ᠂ ᠪᠦᠬᠦ ᠲᠣᠭᠤᠷᠢᠭ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ ᠂ ᠭᠤᠣᠯ ᠰᠡᠳᠦᠪᠲᠦ ᠬᠥᠮᠦᠵᠢᠯ ᠭᠡᠬᠦ ᠡᠨᠡᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠂ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠬᠡᠷᠡᠭᠲᠡᠢ ᠃ ︽ ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ ᠂ ᠶᠤᠸᠠᠨ ᠪᠦᠦ ᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠃ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠠᠨ ᠵᠢᠯᠣᠭᠤᠳᠤᠭᠤᠯᠵᠤ ᠂ ᠶᠤᠸᠠᠨ ᠪᠦᠦ ᠱᠠᠨ ᠲᠣᠭᠤᠷᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠵᠤ ᠂ ᠬᠥᠳᠡᠯᠭᠡᠭᠦ ᠬᠦᠴᠦᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠶᠢᠴᠠᠭᠠᠨ ᠰᠤᠳᠤᠯᠤᠯᠲᠠ ᠶᠢᠨ ᠴᠢᠬᠤᠯᠠ ᠠᠴᠢ ᠬᠤᠯᠪᠣᠭᠳᠠᠯ ᠂ ᠶᠡᠷᠦᠩᠬᠡᠢ ᠱᠠᠭᠠᠷᠳᠠᠯᠭ᠎ᠠ ᠂ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠂ ᠠᠷᠭ᠎ᠠ ᠬᠡᠮᠵᠢᠶ᠎ᠡ ᠠᠯᠬᠤᠮ ᠲᠠᠷᠠᠭ᠎ᠠ ᠪᠣᠯᠣᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ ᠂ 12 ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ ᠨᠢᠮᠪᠠᠢ ᠰᠣᠩᠭᠤᠵᠤ ᠂ ᠵᠢᠱᠢᠭᠰᠡᠨ ᠦᠷ᠎ᠡ ᠪᠦᠲᠦᠮᠵᠢ ᠳᠤ ᠬᠦᠷᠬᠦ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠤᠯᠠᠨ ᠲᠦᠮᠡᠨ ᠤ ᠳᠤᠮᠳᠠ ᠭᠦᠨᠵᠡᠭᠡᠶᠢᠷᠡᠵᠦ ᠂ ᠰᠤᠷᠪᠤᠯᠵᠢᠯᠠᠬᠤ ᠂ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ ᠂ ᠪᠣᠳᠠᠲᠤ ᠬᠡᠷᠡᠭ ᠪᠣᠳᠠᠲᠤ ᠪᠠᠶᠢᠳᠠᠯ ᠢ ᠲᠣᠳᠣᠷᠬᠠᠢ ᠣᠶᠢᠯᠠᠭᠠᠵᠤ ᠂ ᠮᠥᠨ ᠴᠢᠨᠠᠷ ᠤᠨ ᠵᠢᠮ᠎ᠡ ᠶᠣᠰᠣ ᠶᠢ ᠡᠵᠡᠮᠳᠡᠵᠦ ᠂ ᠰᠡᠳᠬᠢᠴᠡ ᠠᠷᠭ᠎ᠠ ᠪᠣᠳᠣᠯᠭ᠎ᠠ ᠶᠢ ᠣᠨᠣᠪᠴᠢᠲᠠᠢ ᠡᠷᠢᠵᠦ ᠣᠯᠬᠤ ᠬᠡᠷᠡᠭᠲᠡᠢ ᠃ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠰᠠᠶᠢᠲᠤᠷ ᠬᠢᠵᠦ ᠂ ᠪᠠᠶᠢᠴᠠᠭᠠᠨ ᠰᠤᠳᠤᠯᠤᠯᠲᠠ ᠶᠢ ᠳᠦᠷᠢᠮᠵᠢᠭᠦᠯᠬᠦ ᠂ ᠪᠠᠶᠢᠩᠭᠤᠵᠢᠭᠤᠯᠬᠤ ᠂ ᠪᠣᠳᠠᠲᠤ ᠦᠷ᠎ᠡ ᠪᠦᠲᠦᠮᠵᠢᠵᠢᠭᠦᠯᠬᠦ ᠶᠢ ᠠᠬᠢᠭᠤᠯᠵᠤ ᠂ ᠰᠤᠳᠤᠯᠬᠤ ᠪᠠᠷ ᠰᠤᠳᠤᠯᠬᠤ ᠪᠠᠷ ᠵᠠᠰᠠᠭ ᠲᠤ ᠲᠤᠰᠠᠯᠠᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ︽ ᠨᠡᠭᠡᠭᠡᠨ ᠬᠥᠭᠵᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠨ ᠬᠥᠭᠵᠢᠭᠦᠯᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ︾ ᠎ ᠲᠠᠢ ᠬᠠᠷᠢᠴᠠᠭᠤᠯᠤᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠵᠠᠬ᠎ᠠ ᠳᠡᠯᠭᠡᠭᠦᠷ ᠤᠨ ᠰᠡᠳᠬᠢᠬᠦᠢ ᠪᠠᠷ ᠵᠠᠰᠠᠭ ᠤᠨ ᠣᠷᠳᠣᠨ ᠤ ᠦᠢᠯᠡᠴᠢᠯᠡᠭᠡᠨ ᠤ ᠬᠥᠲᠥᠯᠥᠨ ᠵᠢᠯᠤᠭᠤᠳᠬᠤ ᠴᠢᠳᠠᠪᠬᠢ ᠶᠢ ᠪᠠᠳᠠᠷᠠᠭᠤᠯᠬᠤ ᠶᠢ ᠴᠢᠩᠭᠠᠳᠬᠠᠵᠤ ᠂ ᠲᠣᠭᠲᠠᠴᠠ ᠳᠦᠷᠢᠮ ᠂ ᠠᠵᠢᠯᠯᠠᠭᠠᠨ ᠤ ᠦᠷ᠎ᠡ ᠠᠰᠢᠭ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠵᠦ ᠂ ᠨᠠᠷᠢᠨ ᠵᠦᠢᠯᠡᠰ ᠢ ᠲᠡᠭᠦᠯᠳᠡᠷᠵᠢᠭᠦᠯᠬᠦ ᠬᠡᠷᠡᠭᠲᠡᠢ ᠃ ︽ ᠲᠠᠶᠢᠯᠪᠤᠷᠢᠯᠠᠯᠲᠠ ᠲᠠᠢ ᠰᠡᠳᠬᠢᠬᠦᠢ ︾ ᠎ ᠶᠢ ᠭᠦᠨᠵᠡᠭᠡᠶᠢᠷᠡᠭᠦᠯᠵᠦ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠦᠢᠯᠡᠳᠦᠯᠭᠡ ᠳᠤᠮᠳᠠ ᠠᠴᠠ ᠬᠠᠮᠤᠭ ᠤᠨ ᠰᠢᠯᠢᠳᠡᠭ ᠬᠠᠷᠢᠭᠤᠯᠲᠠ ᠶᠢ ᠡᠷᠢᠬᠦ ᠬᠡᠷᠡᠭᠲᠡᠢ ᠃ ᠪᠤᠰᠤᠳ ᠭᠠᠵᠠᠷ ᠣᠷᠣᠨ ᠤ ᠠᠮᠵᠢᠯᠲᠠᠲᠠᠢ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠢ ᠪᠠᠷ ᠰᠢᠩᠭᠡᠬᠡᠨ ᠠᠪᠴᠤ ᠬᠤᠪᠢᠷᠠᠭᠤᠯᠤᠨ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠶᠢᠨ ᠬᠠᠮᠲᠤ ᠠᠰᠢᠭᠲᠠᠢ ᠠᠵᠠ ᠲᠣᠬᠢᠶᠠᠯ ᠢ ᠵᠠᠪᠳᠤᠨ ᠠᠳᠬᠤᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠬᠦ ᠲᠠᠯ᠎ᠠ ᠪᠠᠷ ᠲᠠᠰ ᠳᠡᠪᠰᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠬᠦ ᠪᠣᠯ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠰᠠᠭᠤᠷᠢ ᠴᠢᠨᠠᠷᠲᠠᠢ ᠢᠨᠵᠧᠨᠧᠷᠢᠩ ᠪᠣᠯᠣᠨ᠎ᠠ ᠂ ᠮᠥᠨᠴᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠃ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠡᠯ᠎ᠡ ᠪᠠᠯᠭᠠᠰᠤ ᠲᠣᠰᠬᠤᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠤᠨ᠂ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠂ ᠬᠡᠯᠪᠡᠶᠢᠯᠭᠡᠵᠦ ᠤᠷᠲᠤᠳᠬᠠᠬᠤ ᠡᠷᠴᠢᠮ ᠢᠶᠠᠨ ᠴᠢᠩᠭᠠᠷᠠᠭᠤᠯᠤᠨ ᠂ ᠨᠢᠭᠡᠳᠦᠭᠡᠷ ᠹᠷᠣᠨᠲ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠤᠯᠠᠨ ᠠᠷᠭ᠎ᠠ ᠵᠠᠮ ᠢᠶᠠᠷ ᠴᠢᠳᠠᠪᠤᠷᠢᠲᠠᠨ ᠢ ᠲᠠᠲᠠᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ ᠂ ᠲᠣᠬᠢᠷᠠᠭᠤᠯᠭ᠎ᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ ᠂ ᠪᠠᠲᠤᠯᠠᠪᠤᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ ᠂ ᠬᠥᠳᠡᠭᠡ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠲᠥᠪ ᠤᠨ ᠦᠨᠳᠦᠰᠦᠲᠡᠨ ᠤ ᠠᠵᠢᠯ ᠤᠨ ᠪᠠᠶᠢᠴᠠᠭᠠᠯᠲᠠ ᠪᠠ ᠱᠠᠰᠢᠨ ᠰᠤᠷᠲᠠᠬᠤᠨ ᠤ ᠠᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ ᠂ ᠪᠠᠷᠢᠮᠵᠢᠶ᠎ᠠ ᠲᠠᠢ ᠬᠠᠷᠢᠴᠠᠭᠤᠯᠤᠨ ᠬᠦᠰᠦᠨᠦᠭᠲᠦ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠂ ᠵᠢᠭᠰᠠᠭᠠᠨ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠥᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ ᠳᠤᠲᠠᠭᠤᠳᠠᠯ ᠢᠶᠠᠨ ᠨᠥᠬᠦᠪᠦᠷᠢᠯᠡᠵᠦ ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠃ ᠰᠡᠳᠬᠢᠴᠡ ᠠᠷᠭ᠎ᠠ ᠬᠡᠮᠵᠢᠶ᠎ᠡ ᠳᠤ ᠰᠠᠭᠤᠷᠢᠯᠠᠨ ᠂ ᠡᠷᠴᠢᠮ ᠂ ᠠᠷᠭ᠎ᠠ ᠬᠡᠯᠪᠡᠷᠢ ᠂ ᠠᠵᠢᠯ ᠤᠨ ᠰᠤᠷᠲᠠᠯ ᠂ ᠪᠣᠳᠠᠲᠠᠢ ᠦᠷ᠎ᠡ ᠪᠦᠲᠦᠮᠵᠢ ᠂ ᠣᠨᠴᠠᠯᠢᠭ ᠲᠠᠢ ᠬᠢᠯᠠᠰ ᠴᠡᠭ ᠵᠡᠷᠭᠡ ᠲᠠᠯ᠎ᠠ ᠶᠢ ᠠᠬᠢᠭᠤᠯᠵᠤ ᠂ ᠳᠠᠩᠰᠠ ᠡᠪᠬᠡᠮᠡᠯ ᠢ ᠡᠮᠬᠢᠯᠡᠬᠦ ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠵᠦ ᠂ ᠲᠤᠰ ᠨᠢᠭᠡᠴᠢ ᠶᠢᠨ ᠢᠶᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠂ ᠬᠢᠯᠠᠰ ᠴᠡᠭ ᠲᠠᠢ ᠠᠵᠢᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠪᠦᠷᠢᠨ ᠪᠦᠲᠦᠨ ᠣᠨᠣᠪᠴᠢᠲᠠᠢ ᠲᠤᠰᠬᠠᠬᠤ ᠬᠡᠷᠡᠭᠲᠡᠢ ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠨᠠᠷᠢᠯᠢᠭᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠂ ᠦᠢᠯᠡᠳᠦᠯᠭᠡᠵᠢᠭᠦᠯᠵᠦ ᠬᠥᠮᠥᠵᠢᠭᠦᠯᠬᠦ ᠂ ᠳᠦᠷᠢᠮ ᠢᠶᠠᠷ ᠪᠠᠲᠤᠯᠠᠬᠤ ᠶᠢ ᠴᠢᠩᠭᠠᠳᠬᠠᠵᠤ ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠲᠥᠯᠥᠨ ᠳᠠᠭᠠᠭᠤᠯᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠃ ᠡᠯ᠎ᠡ ᠬᠦᠷᠢᠶᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠂ ᠤᠯᠤᠰ ᠲᠦᠷᠦ ᠶᠢᠨ ᠦᠭᠡ ᠶᠠᠷᠢᠶ᠎ᠠ ᠂ ᠤᠨᠤᠯ ᠤᠨ ᠦᠭᠡ ᠶᠠᠷᠢᠶ᠎ᠠ ᠶᠢ ᠤᠯᠠᠨ ᠲᠦᠮᠡᠨ ᠤ ᠦᠭᠡ ᠬᠡᠯᠡ ᠪᠣᠯᠭᠠᠨ ᠬᠤᠪᠢᠷᠠᠭᠤᠯᠵᠤ ᠂ ᠺᠠᠳ᠋ᠷ ᠤᠯᠠᠨ ᠲᠦᠮᠡᠨ ᠣᠶᠢᠯᠠᠭᠠᠵᠤ ᠳᠡᠶᠢᠯᠬᠦ᠂ ᠮᠡᠳᠡᠵᠦ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ ᠪᠣᠯᠭᠠᠬᠤ ᠬᠡᠷᠡᠭᠲᠡᠢ ᠃ ᠦᠨᠳᠦᠰᠦᠨ ᠱᠠᠲᠤᠨ ᠤ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠢ ᠪᠠᠲᠤ ᠪᠠᠬᠢ ᠪᠠᠶᠢᠭᠤᠯᠵᠤ ᠂ ᠤᠯᠠᠨ ᠵᠦᠢᠯ ᠤᠨ ᠬᠡᠯᠪᠡᠷᠢ ᠲᠠᠢ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠲᠦᠷᠦᠯ ᠲᠡᠮᠳᠡᠭ ᠪᠠ ᠰᠣᠳᠣᠨ ᠪᠦᠲᠦᠭᠡᠯ ᠤᠨ ᠵᠢᠱᠢᠶ᠎ᠡ ᠦᠵᠡᠭᠦᠯᠬᠦ ᠴᠡᠭ ᠢ ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠎ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1