ᠶᠤᠸᠠᠨ ᠪᠦᠦ ᠱᠠᠨ ᠲᠣᠭᠤᠷᠢᠭ ︽ᠤᠷᠢ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠠᠶᠠᠨ︾ ᠭᠡᠬᠦ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/29
    ᠣᠶᠢᠷ᠎ᠠ ᠳᠤ ᠂ ᠲᠣᠭᠤᠷᠢᠭ ᠤᠨ ᠡᠪᠯᠡᠯ ᠤᠨ ᠬᠤᠷᠢᠶ᠎ᠠ ᠠᠴᠠ ᠭᠤᠣᠯᠯᠠᠨ ᠡᠷᠬᠢᠯᠡᠭᠰᠡᠨ ︽ ᠤᠷᠢ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠠᠶᠠᠨ ︾ ᠭᠡᠬᠦ ᠭᠤᠣᠯ ᠰᠡᠳᠦᠪᠲᠦ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠫᠢᠩᠵᠤᠸᠠᠩ ᠰᠢ ᠴᠧᠩ ᠠᠷᠠᠳ ᠤᠨ ᠠᠭᠤᠳᠠᠮ ᠲᠠᠯᠠᠪᠠᠢ ᠳᠤ ᠶᠠᠪᠤᠭᠳᠠᠵᠤ ᠂ ᠮᠠᠨ ᠤ ᠲᠣᠭᠤᠷᠢᠭ ᠤᠨ ᠵᠠᠯᠠᠭᠤᠴᠤᠳ ᠤᠨ ᠴᠤᠭ ᠵᠢᠪᠬᠤᠭ᠎ᠠ ᠶᠢ ᠬᠠᠷᠠᠭᠤᠯᠵᠤ ᠂ ᠤᠷᠢ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠵᠤ ᠂ ᠤᠷᠢ ᠵᠠᠯᠠᠭᠤ ᠨᠠᠰᠤᠨ ᠤ ᠬᠦᠰᠡᠯ ᠵᠡᠭᠦᠳᠦ ᠶᠢ ᠬᠥᠭᠡᠭᠡᠴᠡᠯᠳᠥᠨ᠂ ᠶᠤᠸᠠᠨ ᠪᠣᠥ ᠱᠠᠨ ᠳᠤ ᠲᠡᠮᠡᠴᠡᠵᠦ ᠪᠠᠶᠢᠭ᠎ᠠ ᠵᠠᠯᠠᠭᠤ ᠨᠠᠶᠢᠵᠠ ᠨᠠᠷ ᠲᠤ ᠬᠦᠨᠳᠦᠳᠬᠡᠯ ᠳᠡᠪᠰᠢᠭᠦᠯᠪᠡ ᠃ ᠤᠯᠠᠭᠠᠨᠬᠠᠳᠠ ᠬᠤᠳᠠ ᠶᠢᠨ ᠡᠪᠯᠡᠯ ᠤᠨ ᠬᠤᠷᠢᠶᠠᠨ ᠤ ᠳᠡᠳ᠋ ᠱᠦᠵᠢ ᠯᠢᠶᠠᠩ ᠪᠠᠢ ᠬᠤᠤ ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠱᠤᠸᠠᠩ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠪᠡ ᠃    ᠯᠢᠶᠠᠩ ᠪᠠᠢ ᠬᠤᠤ ᠪᠠᠶᠠᠷ ᠤᠨ ᠦᠭᠡ ᠬᠡᠯᠡᠬᠦ ᠳᠡᠭᠡᠨ᠂ ᠡᠪᠯᠡᠯ ᠤᠨ ᠭᠡᠰᠢᠭᠦᠨ ᠵᠠᠯᠠᠭᠤᠴᠤᠳ ᠴᠠᠭ ᠦᠶ᠎ᠡ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ︽ 5 · 4 ︾᠎ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠲᠤ ᠢᠳᠡᠪᠬᠢᠲᠡᠢ ᠣᠷᠣᠯᠴᠠᠵᠤ ᠂ ᠡᠷᠡᠯᠬᠡᠭᠯᠡᠨ ᠴᠢᠷᠮᠠᠶᠢᠵᠤ᠂ ᠦᠷᠭᠦᠯᠵᠢᠯᠡᠨ ᠲᠡᠮᠡᠴᠡᠬᠦ ᠬᠡᠷᠡᠭᠲᠡᠢ ᠃ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠬᠠᠮᠤᠭ ᠤᠨ ᠰᠠᠶᠢᠬᠠᠨ ᠵᠠᠯᠠᠭᠤ ᠨᠠᠰᠤᠨ ᠳᠠᠭᠠᠨ ᠴᠠᠭ ᠦᠶ᠎ᠡ ᠶᠢᠨ ᠤᠷᠢᠶᠠᠯᠠᠭ᠎ᠠ ᠶᠢ ᠴᠤᠤᠷᠢᠶᠠᠲᠤᠨ ᠲᠠᠭᠠᠵᠤ ᠂ ᠰᠢᠨ᠎ᠡ ᠨᠢᠭᠡ ᠦᠶ᠎ᠡ ᠶᠢᠨ ᠵᠠᠯᠠᠭᠤ ᠨᠠᠰᠤᠨ ᠤ ᠬᠠᠷᠢᠭᠤᠴᠠᠯᠭ᠎ᠠ ᠪᠠᠨ ᠡᠭᠦᠷᠭᠡᠯᠡᠵᠦ ᠂ ᠬᠠᠮᠤᠭ ᠤᠨ ᠰᠠᠶᠢᠬᠠᠨ ᠠᠯᠤᠰ ᠤᠨ ᠬᠦᠰᠡᠯᠡᠩ ᠬᠦᠭᠡᠭᠡᠴᠡᠯᠳᠥᠬᠦ ᠶᠢ ᠬᠦᠰᠡᠵᠦ ᠪᠠᠶᠢᠨ᠎ᠠ ᠭᠡᠵᠡᠢ᠃    ᠯᠢᠦ ᠱᠤᠸᠠᠩ ᠂ ᠰᠢᠨ᠎ᠡ ᠴᠠᠭ ᠦᠶ᠎ᠡ ᠶᠢᠨ ᠶᠤᠸᠠᠨ ᠪᠣᠥ ᠱᠠᠨ ᠤ ᠵᠠᠯᠠᠭᠤᠴᠤᠳ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ︽ 5 · 4 ︾᠎ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ ᠂ ᠶᠤᠸᠠᠨ ᠪᠣᠥ ᠱᠠᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶᠡᠨ ᠳᠤ ᠭᠤᠣᠯ ᠬᠦᠴᠦᠨ ᠴᠡᠷᠢᠭ ᠪᠣᠯᠣᠨ ᠭᠠᠪᠰᠢᠭᠠᠢ ᠠᠩᠭᠢ ᠶᠢᠨ ᠦᠢᠯᠡᠳᠦᠯ ᠢᠶᠠᠨ ᠪᠠᠳᠠᠷᠠᠭᠤᠯᠵᠤ ᠂ ᠰᠢᠨ᠎ᠡ ᠶᠢ ᠡᠭᠦᠳᠦᠨ ᠪᠦᠲᠦᠭᠡᠬᠦ ᠪᠠᠷ ᠶᠤᠸᠠᠨ ᠪᠣᠥ ᠱᠠᠨ ᠤ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ ᠂ ᠴᠠᠭ ᠦᠶ᠎ᠡ ᠳᠤ ᠣᠰᠣᠯᠳᠠᠬᠤ ᠦᠭᠡᠢ ᠵᠠᠯᠠᠭᠤ ᠨᠠᠰᠤᠨ ᠤ ᠭᠠᠪᠢᠶ᠎ᠠ ᠵᠢᠳᠬᠦᠯ ᠢ ᠡᠭᠦᠳᠥᠨ᠂ ᠨᠡᠩ ᠭᠡᠷᠡᠯ ᠰᠠᠴᠤᠷᠠᠩᠭᠤᠢ ᠵᠠᠯᠠᠭᠤ ᠨᠠᠰᠤᠨ ᠤ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ ᠃    ᠦᠳᠡᠰᠢᠯᠡᠭᠡ ᠶᠢᠨ ᠠᠬᠤᠢ ᠲᠠᠯᠠᠪᠠᠶ ᠳᠤ ᠳ᠋ᠧᠩ ᠤᠨ ᠬᠡᠷᠡᠯ ᠳᠤᠸᠠᠯᠠᠵᠤ᠂ ᠳᠠᠭᠤᠤ ᠬᠠᠩᠭᠢᠨᠠᠨ ᠳᠠᠭᠤᠷᠢᠰᠤᠨ᠎ᠠ᠃ ᠤᠳᠬ᠎ᠠ ᠤᠷᠠᠯᠢᠭ ᠤᠨ ᠲᠣᠭᠯᠠᠯᠲᠠ ᠨᠢ ᠵᠠᠯᠠᠭᠤ ᠨᠠᠰᠤᠨ ᠤ ᠰᠡᠳᠬᠢᠯ ᠢ ᠨᠠᠮ ᠳᠠᠭᠠᠨ ᠬᠠᠨᠳᠤᠭᠤᠯᠬᠤ ᠂ ᠵᠠᠯᠠᠭᠤ ᠨᠠᠰᠤᠨ ᠤ ᠵᠣᠷᠢᠭ ᠢ ᠪᠠᠳᠠᠷᠠᠭᠤᠯᠬᠤ ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠠᠶᠠᠨ ᠭᠡᠬᠦ ᠭᠤᠷᠪᠠᠨ ᠪᠦᠯᠦᠭ ᠢᠶᠠᠷ ᠪᠦᠷᠢᠯᠳᠦᠵᠡᠢ ᠃ ᠲᠣᠭᠯᠠᠯᠲᠠ ᠎ ᠨᠢ ᠡᠬᠢᠯᠡᠯᠲᠡ ᠶᠢᠨ ᠳᠠᠭᠤᠤ ︽ ᠵᠡᠭᠦᠳᠦ ᠰᠢᠭ ᠡᠷᠬᠡ ᠴᠢᠯᠦᠭᠡᠲᠡᠢ ︾ ᠭᠡᠬᠦ ᠬᠥᠭᠵᠢᠮ ᠤᠨ ᠠᠶᠠᠰ ᠤᠨ ᠳᠤᠮᠳᠠ ᠬᠥᠰᠢᠭᠡ ᠪᠠᠨ ᠰᠡᠬᠦᠪᠡ ᠃ ᠰᠢᠯᠥᠭ ᠤᠨ ᠤᠶᠠᠩᠭᠠᠯᠠᠯ ︽ ᠪᠠᠭᠠᠲᠤᠷ ︾ ᠂ ᠪᠥᠵᠢᠭ ︽ ᠬᠠᠯᠢᠨ ᠨᠢᠰᠬᠦ ︾ ᠂ ᠭᠢᠲ᠋ᠠᠷ ︽ ᠨᠤᠲᠤᠭ ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠵᠤ ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠪᠠᠶᠢᠨ ᠪᠠᠶᠢᠨ ᠣᠯᠵᠤ ᠪᠠᠶᠢᠯ᠎ᠠ ᠃    ᠠᠵᠢᠯᠯᠠᠭ᠎ᠠ ᠶᠢᠨ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ ᠂ ᠡᠪᠯᠡᠯ ᠤᠨ ᠬᠤᠷᠢᠶ᠎ᠠ ᠂ ᠠᠵᠢᠯᠴᠢᠨ ᠤ ᠶᠡᠷᠦᠩᠬᠡᠢ ᠡᠪᠯᠡᠯ ᠪᠠᠰᠠ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠨᠢᠭᠡᠳᠦᠯᠲᠡᠢ ᠰᠣᠶᠣᠯ ᠤᠨ ᠬᠤᠪᠴᠠᠰᠤ ᠡᠮᠥᠰᠥᠭᠦᠯᠵᠦ᠂ ᠪᠦᠬᠦ ᠬᠤᠳᠠ ᠶᠢᠨ ᠳᠤᠭᠤᠢ ᠤᠨᠤᠵᠤ ᠴᠡᠴᠡᠭ ᠬᠦᠷᠭᠡᠬᠦ ᠠᠵᠢᠯᠯᠠᠭ᠎ᠠ ᠦᠷᠨᠢᠭᠦᠯᠥᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠤᠷᠴᠠ ᠰᠣᠷᠭᠤᠭ ᠴᠡᠴᠡᠭᠲᠦ ᠲᠡᠷᠭᠡ ᠤᠨᠤᠵᠤ ᠂ ᠰᠣᠷᠭᠤᠭ ᠴᠡᠴᠡᠭ ᠎ ᠢᠶᠠᠨ ᠶᠤᠸᠠᠨ ᠪᠦᠦ ᠱᠠᠨ ᠳᠤ ᠪᠠᠨ ᠡᠷᠭᠦᠵᠦ ᠂ ᠴᠢᠩ ᠬᠠᠶᠢᠷ᠎ᠠ ᠪᠠᠨ ᠴᠢᠷᠮᠠᠶᠢᠨ ᠲᠡᠮᠡᠴᠡᠭᠰᠡᠳ ᠲᠤ ᠡᠷᠭᠦᠵᠦ ᠂ ᠬᠤᠷᠴᠠ ᠰᠣᠷᠭᠤᠭ ᠴᠡᠴᠡᠭ ᠤᠨ ᠪᠠᠭᠴᠠ ᠨᠢ ᠪᠦᠬᠦᠶᠢᠯᠡ ᠵᠢᠵᠢᠭ ᠬᠤᠳᠠ ᠶᠢ ᠳᠤᠯᠠᠭᠠᠴᠠᠭᠤᠯᠤᠭᠰᠠᠨ ᠢᠶᠠᠷ ᠪᠠᠷᠠᠬᠤ ᠦᠭᠡᠢ ᠴᠢᠷᠮᠠᠶᠢᠨ ᠲᠡᠮᠡᠴᠡᠭᠰᠡᠳ ᠤᠨ ᠰᠡᠳᠬᠢᠯ ᠢ ᠴᠤ ᠳᠤᠯᠠᠭᠠᠴᠠᠭᠤᠯᠵᠠᠢ ᠃    ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠂ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ ᠂ ᠲᠣᠭᠤᠷᠢᠭ ᠤᠨ ᠰᠣᠶᠣᠯ ᠤᠨ ᠣᠷᠳᠣᠨ ᠵᠡᠷᠭᠡ ᠨᠢᠭᠡᠴᠢ ᠶᠢᠨ ᠵᠠᠯᠠᠭᠤ ᠠᠵᠢᠯᠲᠠᠨ ᠠᠵᠢᠯᠴᠢᠨ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1