ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠶᠤᠸᠠᠨ ᠪᠦᠦ ᠱᠠᠨ ᠲᠣᠭᠤᠷᠢᠭ ᠲᠤ ᠢᠷᠡᠵᠦ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2023/5/10
    5 ᠳ᠋ᠤᠭᠠᠷ ᠰᠠᠷ᠎ᠠ ᠶᠢᠨ 5᠎ ᠤ ᠡᠳᠦᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠶᠠᠩ ᠯᠢ ᠾᠥᠩ ᠪᠦᠯᠬᠦᠮ ᠳᠠᠭᠠᠭᠤᠯᠤᠨ ᠮᠠᠨ ᠤ  ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠪᠦᠦ ᠶᠦᠨ ᠳ᠋ᠦᠩ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠶᠠᠩ ᠯᠢ ᠾᠥᠩ ᠨᠠᠷ ᠤᠷᠢᠳ ᠬᠤᠵᠢᠳ ᠶᠤᠸᠠᠨ ᠵᠢᠩ ᠳᠠᠩ ᠨᠡᠭᠦᠷᠡᠰᠦᠲᠥ᠋ᠷᠥᠭᠴᠢ ᠶᠢᠨ ᠮᠡᠷᠭᠡᠵᠢᠯ ︵ ᠤᠯᠠᠭᠠᠨᠬᠠᠳᠠ ︶᠎ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠲᠤ ᠬᠦᠷᠴᠦ ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠥᠭᠵᠢᠯᠲᠡ ᠂ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠰᠡᠨ ᠪᠠ ᠠᠵᠢᠯ ᠣᠯᠭᠤᠯᠲᠠ ᠶᠢᠨ ᠠᠯᠤᠰ ᠢᠷᠡᠭᠡᠳᠦᠢ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ ᠃
1_副本.jpg
       ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠂ ᠴᠢᠳᠠᠪᠤᠷᠢᠲᠠᠨ ᠢ ᠬᠥᠮᠥᠵᠢᠭᠦᠯᠬᠦ ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠂ ᠪᠠᠶᠢᠩᠭᠤ ᠶᠢᠨ ᠰᠣᠯᠢᠯᠴᠠᠭ᠎ᠠ ᠦᠢᠯᠡᠳᠦᠯᠴᠡᠯ ᠤᠨ ᠲᠣᠭᠲᠠᠴᠠ ᠶᠢ ᠪᠠᠶᠢᠭᠤᠯᠬᠤ ᠵᠡᠷᠭᠡ ᠠᠭᠤᠯᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ ᠃ ᠶᠠᠩ ᠯᠢ ᠾᠥᠩ ᠮᠠᠨ ᠤ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠦᠨᠡᠯᠡᠪᠡ ᠂ ᠲᠡᠷᠡ ᠢᠯᠡᠳᠬᠡᠬᠦ ᠳᠡᠭᠡᠨ ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠨᠢ ᠶᠤᠸᠠᠨ ᠪᠦᠦ ᠱᠠᠨ ᠲᠣᠭᠤᠷᠢᠭ ᠤᠨ ᠬᠤᠯᠪᠣᠭᠳᠠᠯ ᠪᠦᠬᠦᠢ ᠠᠵᠤ ᠦᠢᠯᠡᠰ ᠲᠠᠢ ᠮᠠᠰᠢ ᠶᠡᠭᠡ ᠲᠣᠬᠢᠷᠠᠯᠴᠠᠭ᠎ᠠ ᠲᠠᠢ ᠂ ᠢᠷᠡᠭᠡᠳᠦᠢ ᠳᠤ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠤᠣᠰ ᠴᠢᠭᠯᠡᠯ ᠢᠶᠠᠷ ᠬᠠᠷᠢᠯᠴᠠᠨ ᠥᠢᠯᠡᠴᠢᠯᠡᠵᠤ᠂ ᠬᠠᠮᠲᠤᠪᠠᠷ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ ᠃ ᠼᠤᠤ ᡁᠢ ᠶᠦᠩ᠂ ᠲᠤᠰ ᠤᠳᠠᠭᠠᠨ ᠤ ᠵᠣᠯᠭᠠᠯᠴᠠᠭ᠎ᠠ ᠰᠣᠯᠢᠯᠴᠠᠭ᠎ᠠ ᠨᠢ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠂ ᠠᠵᠤ ᠠᠬᠤᠶᠢᠯᠠᠯ ᠪᠣᠯᠤᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠰᠤᠯᠴᠠᠯ ᠢ ᠠᠬᠢᠭᠤᠯᠬᠤ ᠳᠤ ᠨᠡᠯᠢᠶᠡᠳ ᠰᠠᠶᠢᠨ ᠰᠡᠳᠬᠢᠴᠡ ᠪᠠ ᠠᠷᠭ᠎ᠠ ᠬᠡᠮᠵᠢᠶ᠎ᠡ ᠬᠠᠩᠭᠠᠵᠠᠢ ᠂ ᠬᠤᠶᠠᠷ ᠲᠠᠯ᠎ᠠ ᠪᠠᠷ ᠢᠶᠠᠨ ᠡᠭᠦᠨ ᠢᠶᠠᠷ ᠠᠵᠠ ᠲᠣᠬᠢᠶᠠᠯ ᠪᠣᠯᠭᠠᠵᠤ ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠣᠯᠣᠯᠴᠠᠭ᠎ᠠ ᠵᠣᠯᠭᠠᠯᠴᠠᠭ᠎ᠠ ᠶᠢᠨ ᠲᠣᠭᠲᠠᠴᠠ ᠶᠢ ᠲᠦᠷᠭᠡᠨ ᠪᠠᠶᠢᠭᠤᠯᠵᠤ ᠂ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠲᠠᠯᠪᠢᠵᠤ ᠂ ᠶᠤᠸᠠᠨ ᠪᠦᠦ ᠱᠠᠨ ᠲᠣᠭᠤᠷᠢᠭ ᠭᠠᠵᠠᠷ ᠣᠷᠣᠨ ᠪᠠ ᠰᠤᠷᠭᠠᠭᠤᠯᠢ ᠭᠠᠷ ᠬᠤᠯᠪᠣᠯᠴᠠᠬᠤ ᠶᠢ ᠢᠳᠡᠪᠬᠢᠲᠡᠢ ᠠᠬᠢᠭᠤᠯᠵᠤ ᠂ ᠤᠯᠠᠨ ᠬᠦᠷᠢᠶᠡᠨ ᠤ ᠂ ᠥᠨᠳᠥᠷ ᠲᠦᠪᠰᠢᠨ ᠲᠠᠢ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠠᠮᠲᠤᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1