ᠶᠤᠸᠠᠨ ᠪᠦᠦ ᠱᠠᠨ ᠲᠣᠭᠤᠷᠢᠭ ︽ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ | ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ | ᠪᠠᠴᠢᠮ ᠪᠠᠶᠢᠳᠠᠯ ᠢ ᠠᠷᠭᠠᠴᠠᠬᠤ ᠲᠥᠰᠥᠯ︾ ᠭᠡᠵᠦ ᠲᠣᠪᠴᠢᠯᠠᠨ᠎ᠠ᠃ ︽ᠪᠠᠴᠢᠮ ᠪᠠᠶᠢᠳᠠᠯ ᠢ ᠠᠷᠭᠠᠴᠠᠬᠤ ᠲᠥᠰᠥᠯ︾ | ᠢ ᠨᠠᠩ ᠰᠠᠶᠢᠨ ᠣᠶᠢᠯᠠᠭᠠᠨ ᠲᠤᠭᠤᠰᠢᠯᠠᠭᠤᠯᠬᠤ ᠶᠢᠨ ᠲᠥᠯᠥᠭᠡ᠂ ᠡᠳᠦᠭᠡ ︽ᠪᠠᠴᠢᠮ ᠪᠠᠶᠢᠳᠠᠯ ᠢ ᠠᠷᠭᠠᠴᠠᠬᠤ | ᠲᠥᠰᠥᠯ︾ ᠤᠨ ᠲᠤᠬᠠᠢ ᠲᠠᠶᠢᠯᠤᠮᠵᠢ ᠬᠢᠶ᠎ᠡ᠃ | ᠨᠢᠭᠡ᠂ ᠲᠣᠭᠲᠠᠭᠠᠬᠤ ᠵᠣᠷᠢᠯᠭ᠎ᠠ | ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ | ᠰᠢᠨᠵᠢᠯᠡᠬᠦ ᠤᠬᠠᠭᠠᠨᠴᠢ ᠂ ᠪᠦᠲᠦᠮᠵᠢᠲᠡᠢ ᠂ ᠲᠦᠷᠭᠡᠨ ᠰᠢᠢᠳᠪᠦᠷᠢᠯᠡᠵᠦ ᠂ ᠥᠷᠭᠡᠨ ᠲᠠᠯᠠᠪᠠᠢ ᠪᠠᠷ ᠴᠠᠬᠢᠯᠭᠠᠨ | ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ | ᠰᠡᠷᠭᠡᠶᠢᠯᠡᠬᠦ ᠪᠠ ᠪᠠᠭᠠᠰᠬᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠪᠠᠶᠢᠳᠠᠯ ᠪᠠ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ | ᠠᠷᠭᠠᠴᠠᠬᠤ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ | ᠬᠦᠴᠦᠨ ᠤ ᠬᠠᠤᠯᠢ ︾ ᠂ ︽ᠴᠠᠬᠢᠯᠭᠠᠨ ᠲᠣᠣᠷ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ︵ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 115 ᠳ᠋ᠤᠭᠠᠷ | ᠵᠠᠷᠯᠢᠭ︶᠂ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ | ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 493 ᠳ᠋ᠤᠭᠠᠷ | ᠵᠠᠷᠯᠢᠭ ︶᠂ ︽ᠴᠠᠬᠢᠯᠭᠠᠨ ᠬᠦᠴᠦᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ ᠂ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 599 ᠳ᠋ᠦ᠋ᠭᠡᠷ ᠵᠠᠷᠯᠢᠭ ︶ ᠂ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠢ ᠬᠠᠩᠭᠠᠬᠤ ᠪᠠ ᠬᠡᠷᠡᠭᠯᠡᠬᠦ ᠳᠦᠷᠢᠮ ︾ ᠂ ︵ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 666 ᠳ᠋ᠤᠭᠠᠷ ᠵᠠᠷᠯᠢᠭ ︶ ︽ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ ︾ ︵ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 708 ᠳ᠋ᠤᠭᠠᠷ ᠵᠠᠷᠯᠢᠭ ︶ ︽ | ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ | ᠲᠥᠰᠥᠯ︾ ︵ ᠲᠦᠷᠦ ᠠᠯᠪᠠᠨ ᠲᠠᠷᠬᠠᠭᠠᠭᠰᠠᠨ〔2005〕11 ᠳ᠋ᠤᠭᠡᠷ ᠲᠣᠭᠠᠲᠤ ︶᠂ ︽ᠤᠯᠤᠰ ᠤᠨ ᠶᠡᠭᠡ | ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠲᠥᠷᠥ ᠠᠯᠪᠠᠨ | ᠵᠠᠬᠢᠳᠠᠯ ﹇2015﹈ 134 ᠳ᠋ᠤᠭᠡᠷ ᠲᠣᠭᠠᠲᠤ︶ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ ︾ ︵ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2 ᠳ᠋ᠤᠭᠠᠷ | ᠲᠣᠭᠠᠲᠤ ︶ ︽ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠤᠵᠢ ᠶᠢᠨ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠭᠦᠸᠧ ᠨᠧᠩ ᠶᠡᠷᠦᠩᠬᠡᠢ ᠠᠮᠤᠷ | ᠲᠦᠪᠰᠢᠨ ﹇2016﹈ 490 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ | ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠬᠡᠷᠡᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2014﹈ 113 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ︵2020 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ | ᠮᠠᠲ᠋ᠧᠷᠢᠶᠠᠯ ᠢ ᠥᠨᠳᠥᠰᠥᠯᠡᠨ ᠲᠤᠰ ᠪᠡᠯᠡᠳᠬᠡᠯ ᠲᠥᠰᠥᠯ ᠢ ᠲᠣᠭᠲᠠᠭᠠᠪᠠ ᠃ | ᠭᠤᠷᠪᠠ ᠂ ᠭᠤᠣᠯ ᠠᠭᠤᠯᠭ᠎ᠠ | ︽ᠲᠥᠯᠦᠪᠵᠢᠭᠦᠯᠭᠡ︾ ᠨᠢ ᠨᠡᠶᠢᠲᠡ 7 ᠬᠡᠰᠡᠭ ᠪᠠᠶᠢᠵᠤ᠂ ᠲᠣᠰ ᠲᠣᠰ ᠶᠡᠷᠦᠩᠬᠡᠢ ᠳᠦᠷᠢᠮ᠂ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ᠂ ᠠᠶᠤᠯ ᠲᠦᠭᠰᠢᠭᠦᠷᠢ ᠵᠢᠴᠢ ᠬᠤᠣᠷ ᠬᠥᠨᠥᠭᠡᠯ ᠤᠨ ᠬᠡᠮᠵᠢᠶ᠎ᠡ ᠶᠢ ᠵᠠᠳᠠᠯᠬᠤ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ | ᠳᠠᠭᠠᠬᠤ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 7 | ᠲᠠᠯ᠎ᠠ ᠪᠠᠷ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ | ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ ᠃ ᠨᠠᠶᠢᠷᠠᠭᠤᠯᠤᠨ ᠵᠣᠬᠢᠶᠠᠬᠤ ᠵᠣᠷᠢᠯᠭ᠎ᠠ ᠂ ᠨᠠᠶᠢᠷᠠᠭᠤᠯᠤᠨ | ᠵᠣᠬᠢᠶᠠᠬᠤ ᠦᠨᠳᠦᠰᠦᠯᠡᠯ ᠂ ᠬᠡᠷᠡᠭᠯᠡᠬᠦ ᠬᠡᠪᠴᠢᠶ᠎ᠡ ᠂ ᠠᠵᠢᠯ ᠤᠨ ᠵᠠᠷᠴᠢᠮ ᠂ ᠬᠡᠷᠡᠭ ᠶᠠᠪᠤᠳᠠᠯ ᠤᠨ ᠲᠡᠰ ᠵᠡᠷᠭᠡ 7 | ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ ᠃ | ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯᠣᠨ᠎ᠠ ᠃ ᠲᠣᠭᠤᠷᠢᠭ ᠤᠨ ᠵᠠᠰᠠᠭ ᠤᠨ | ᠣᠷᠳᠣᠨ ᠨᠢ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠶᠢ ᠵᠢᠯᠣᠭᠤᠳᠤᠨ ᠵᠣᠬᠢᠴᠠᠭᠤᠯᠬᠤ | ᠪᠠ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠦᠨᠳᠦ ᠶᠡᠭᠡ ᠬᠡᠪᠴᠢᠶ᠎ᠡ ᠪᠠᠷ ᠴᠠᠬᠢᠯᠭᠠᠨ | ᠵᠣᠭᠰᠣᠭᠰᠠᠨ ᠬᠡᠷᠡᠭ ᠭᠠᠷᠬᠤ ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠠᠬᠢᠯᠭᠠᠨ | ᠬᠦᠴᠦᠨ ᠤ ᠠᠵᠤ ᠠᠬᠤᠶᠢᠯᠠᠯ᠂ ᠴᠠᠬᠢᠯᠭᠠᠨ ᠬᠦᠴᠦᠨ ᠤ ᠬᠡᠷᠡᠭᠯᠡᠭᠴᠢᠳ ᠤᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠪᠠ ᠬᠠᠮᠢᠶ᠎ᠠ ᠪᠦᠬᠦᠢ ᠪᠡᠯᠡᠳᠬᠡᠯ ᠲᠥᠰᠥᠯ ᠶᠣᠰᠣᠭᠠᠷ ᠰᠢᠢᠳᠪᠦᠷᠢᠯᠡᠬᠦ ᠠᠵᠢᠯ ᠥᠷᠨᠢᠭᠦᠯᠬᠦ ᠶᠢ | ᠵᠢᠯᠤᠭᠤᠳᠬᠤ᠂ ᠵᠣᠬᠢᠴᠠᠭᠤᠯᠬᠤ᠂ ᠳᠡᠮᠵᠢᠬᠦ ᠶᠢ ᠬᠠᠷᠢᠭᠤᠴᠠᠵᠤ᠂ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ | ᠬᠡᠷᠡᠭ ᠢ ᠰᠢᠨᠵᠢᠯᠡᠬᠦ ᠤᠬᠠᠭᠠᠨᠴᠢ ᠂ ᠪᠦᠲᠦᠮᠵᠢᠲᠡᠢ ᠂ ᠲᠦᠷᠭᠡᠨ ᠰᠢᠢᠳᠪᠦᠷᠢᠯᠡᠵᠦ ᠂ ᠶᠡᠭᠡ ᠲᠠᠯᠠᠪᠠᠢ ᠪᠠᠷ ᠴᠠᠬᠢᠯᠭᠠᠨ | ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ | ᠪᠠᠭᠠᠰᠬᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃ | ᠭᠤᠷᠪᠠᠳᠤᠭᠠᠷ ᠬᠡᠰᠡᠭ ᠨᠢ ᠠᠶᠤᠯ ᠲᠦᠭᠰᠢᠭᠦᠷᠢ ᠵᠢᠴᠢ ᠬᠤᠣᠷ ᠬᠥᠨᠥᠭᠡᠯ ᠤᠨ ᠬᠡᠮᠵᠢᠶ᠎ᠡ ᠶᠢᠨ ᠵᠠᠳᠠᠯᠤᠯᠲᠠ | ᠪᠣᠯᠣᠨ᠎ᠠ ᠃ ᠶᠤᠸᠠᠨ ᠪᠦᠦ ᠱᠠᠨ ᠲᠣᠭᠤᠷᠢᠭ ᠲᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠴᠤ | ᠮᠡᠳᠡᠬᠦ ᠴᠠᠬᠢᠯᠭᠠᠨ ᠤ ᠲᠣᠣᠷ ᠤᠨ ᠵᠢᠶᠠᠰᠠ ᠂ ᠴᠠᠬᠢᠯᠭᠠᠨ ᠤ ᠲᠣᠣᠷ ᠤᠨ ᠲᠠᠩ ᠱᠤᠭᠤᠮ ᠤᠨ ᠠᠵᠢᠯᠯᠠᠭ᠎ᠠ ᠂ | ᠭᠠᠵᠠᠷ ᠤᠨ ᠪᠠᠶᠢᠴᠠ ᠭᠠᠵᠠᠷ ᠰᠢᠨᠵᠢᠯᠡᠭᠡ ᠵᠢᠴᠢ ᠠᠭᠤᠷ ᠠᠮᠢᠰᠬᠤᠯ ᠤᠨ ᠬᠤᠪᠢᠷᠠᠯᠲᠠ ᠂ ᠭᠠᠳᠠᠭᠠᠳᠤ ᠬᠦᠴᠦᠨ ᠤ | ᠡᠪᠳᠡᠯᠡᠭᠡ ᠪᠤᠶᠤ ᠬᠦᠨᠳᠦ ᠶᠡᠭᠡ ᠨᠡᠶᠢᠭᠡᠮ ᠤᠨ ᠠᠮᠤᠷ ᠲᠦᠪᠰᠢᠨ ᠤ ᠬᠡᠷᠡᠭ ᠂ ᠵᠣᠬᠢᠰ ᠦᠭᠡᠢ ᠰᠢᠢᠳᠪᠦᠷᠢᠯᠡᠭᠰᠡᠨ ᠵᠡᠷᠭᠡ | ᠭᠤᠣᠯ ᠠᠶᠤᠯ ᠲᠦᠭᠰᠢᠭᠦᠷᠢ ᠶᠢᠨ ᠴᠡᠭ ᠢ ᠵᠠᠳᠠᠯᠪᠠ ︔ ᠴᠢᠬᠤᠯᠠ ᠪᠠᠶᠢᠭᠤᠯᠤᠮᠵᠢ᠂ ᠠᠶᠤᠯ ᠶᠡᠬᠡᠲᠡᠢ ᠬᠡᠷᠡᠭᠯᠡᠭᠴᠢ᠂ | ᠬᠥᠮᠥᠨ ᠠᠮᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠤᠨ ᠰᠠᠭᠤᠷᠢ ᠲᠥᠬᠦᠭᠡᠷᠦᠮᠵᠢ᠂ ᠵᠠᠮ ᠬᠠᠷᠢᠯᠴᠠᠭᠠᠨ ᠤ | ᠲᠥᠬᠦᠭᠡᠷᠦᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠲᠠᠰᠤᠯᠳᠠᠭᠰᠠᠨ ᠵᠡᠷᠭᠡ ᠠᠴᠠ ᠪᠣᠯᠤᠭᠰᠠᠨ ᠬᠤᠣᠷ | ᠬᠥᠨᠥᠭᠡᠯ ᠢ ᠵᠠᠳᠠᠯᠪᠠ᠃ | ᠳᠥᠷᠪᠡᠳᠦᠭᠡᠷ ᠬᠡᠰᠡᠭ ᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠮᠡᠳᠡᠭᠦᠯᠬᠦ | ᠶᠠᠪᠤᠳᠠᠯ ᠪᠣᠯᠣᠨ᠎ᠠ ᠃ ᠬᠢᠨᠠᠨ ᠬᠡᠮᠵᠢᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠂ ᠰᠡᠷᠡᠮᠵᠢᠯᠡᠭᠦᠯᠬᠦ | ᠠᠵᠢᠯᠯᠠᠭ᠎ᠠ᠂ ᠰᠡᠷᠡᠮᠵᠢᠯᠡᠭᠦᠯᠦᠯ ᠢ ᠬᠦᠴᠦᠨ ᠦᠭᠡᠢ ᠪᠣᠯᠭᠠᠬᠤ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠲᠠᠯ᠎ᠠ ᠶᠢᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠠᠵᠢᠯᠯᠠᠭᠠᠨ ᠤ ᠲᠣᠭᠲᠠᠴᠠ ᠶᠢ ᠲᠣᠳᠣᠷᠬᠠᠶᠢᠯᠠᠵᠤ᠂ ᠶᠡᠭᠡ | ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠪᠠᠯ ᠴᠠᠭ ᠲᠤᠬᠠᠢ ᠳᠤᠨᠢ᠂ ᠪᠦᠲᠦᠮᠵᠢᠲᠡᠢ᠂ ᠲᠣᠬᠢᠲᠠᠢ | ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ | ᠲᠠᠪᠤᠳᠤᠭᠠᠷ ᠬᠡᠰᠡᠭ ᠨᠢ ᠪᠠᠴᠢᠮ ᠪᠠᠶᠢᠳᠠᠯ ᠢ ᠠᠷᠭᠠᠴᠠᠬᠤ ᠶᠢᠨ ᠬᠠᠷᠢᠭᠤ ᠲᠤᠰᠬᠠᠯ ᠪᠣᠯᠣᠨ᠎ᠠ ᠃ ᠳᠠᠭᠠᠬᠤ ᠶᠢ | ᠲᠠᠰ ᠬᠤᠪᠢᠶᠠᠬᠤ᠂ ᠳᠠᠭᠠᠬᠤ ᠠᠷᠭ᠎ᠠ ᠬᠡᠮᠵᠢᠶ᠎ᠡ᠂ ᠲᠣᠭᠤᠷᠢᠭ ᠤᠨ ᠵᠠᠰᠠᠭ ᠤᠨ ᠣᠷᠳᠣᠨ ᠤ ᠲᠠᠰ ᠳᠠᠪᠬᠤᠷᠭ᠎ᠠ ᠶᠢᠨ | ᠠᠷᠭᠠᠴᠠᠬᠤ᠂ ᠳᠠᠭᠠᠬᠤ ᠶᠢ ᠳᠠᠭᠤᠰᠬᠠᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃ | ᠵᠢᠷᠭᠤᠳᠤᠭᠠᠷ ᠬᠡᠰᠡᠭ ᠨᠢ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠪᠣᠯᠣᠨ᠎ᠠ ᠃ ᠰᠢᠢᠳᠪᠦᠷᠢᠯᠡᠬᠦ ᠶᠢ | ᠦᠨᠡᠯᠡᠨ ᠵᠢᠱᠢᠬᠦ᠂ ᠬᠡᠷᠡᠭ ᠢ ᠪᠠᠶᠢᠴᠠᠭᠠᠬᠤ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠰᠡᠷᠭᠦᠭᠡᠨ ᠳᠠᠬᠢᠨ | ᠪᠦᠲᠦᠭᠡᠨ ᠪᠠᠶᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠢ ᠲᠣᠭᠲᠠᠭᠠᠪᠠ᠃ | ᠳᠣᠯᠣᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠃ ᠲᠣᠰ ᠲᠣᠰ ᠡᠩᠨᠡᠭᠡ᠂ ᠲᠣᠨᠤᠭ | ᠲᠥᠬᠦᠭᠡᠷᠦᠮᠵᠢ ᠡᠳ᠋ ᠪᠣᠳᠠᠰ᠂ ᠮᠡᠳᠡᠭᠡ ᠬᠤᠯᠪᠣᠭ᠎ᠠ᠂ ᠵᠠᠮ ᠲᠡᠭᠡᠭᠡᠪᠦᠷᠢ᠂ ᠮᠡᠷᠭᠡᠵᠢᠯ᠂ ᠪᠠᠴᠢᠮ ᠪᠠᠶᠢᠳᠠᠯ ᠢ ᠠᠷᠭᠠᠴᠠᠬᠤ | ᠴᠠᠬᠢᠯᠭᠠᠨ ᠡᠭᠦᠰᠬᠡᠭᠴᠢ᠂ ᠪᠡᠯᠡ ᠮᠥᠩᠭᠦ᠂ ᠤᠬᠠᠭᠤᠯᠭ᠎ᠠ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ | ᠲᠠᠶᠢᠯᠤᠮᠵᠢ ᠬᠢᠭᠰᠡᠨ ᠨᠢᠭᠡᠴᠢ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | |