︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠦᠪᠵᠢᠭᠦᠯᠭᠡ ︵2021 ︱ 2025 ᠣᠨ︶︾ ᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/17
    ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀ ᠎ ᠤᠨ ᠲᠥᠯᠦᠪᠵᠢᠭᠦᠯᠭᠡ ︵2021 ︱ 2025 ᠣᠨ︶︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠨᠢᠭᠡ᠂ ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ    ᠰᠠᠭᠤᠷᠢ ᠬᠡᠮᠵᠢᠨ ᠵᠢᠷᠤᠭᠯᠠᠯᠲᠠ ᠪᠣᠯ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠨᠠᠷᠲᠠᠢ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠂ ᠤᠷᠢᠳᠴᠢᠯᠠᠬᠤ ᠴᠢᠨᠠᠷᠲᠠᠢ ᠦᠢᠯᠡᠰ ᠮᠥᠨ ᠂ ᠤᠯᠤᠰ ᠤᠨ ᠪᠠᠶᠢᠳᠠᠯ ᠤᠯᠤᠰ ᠤᠨ ᠬᠦᠴᠦᠨ ᠢ ᠡᠵᠡᠮᠰᠢᠬᠦ ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠂ ᠲᠤᠰᠠᠯᠠᠬᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠲᠦᠰᠢᠭ ᠲᠤᠯᠭᠠᠭᠤᠷᠢ ᠮᠥᠨ ᠃ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ ᠪᠣᠯ ᠲᠤᠰ ᠵᠠᠰᠠᠭ ᠵᠠᠬᠢᠷᠭᠠᠨ ᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠰᠢᠰᠲ᠋ᠧᠮ ᠳᠠᠬᠢ ᠴᠢᠬᠤᠯᠠ ᠲᠤᠰᠬᠠᠢ ᠵᠦᠢᠯ ᠤᠨ ᠲᠥᠯᠦᠪᠵᠢᠭᠦᠯᠭᠡ ᠪᠣᠯᠣᠨ᠎ᠠ᠂ ᠰᠠᠭᠤᠷᠢ ᠬᠡᠮᠵᠢᠨ ᠵᠢᠷᠤᠭᠯᠠᠯᠲᠠ ᠶᠢᠨ ᠠᠵᠢᠯ ᠢ ᠥᠷᠨᠢᠭᠦᠯᠬᠦ ᠶᠢᠨ ᠶᠡᠷᠦᠩᠬᠡᠢ ᠲᠣᠬᠢᠷᠠᠭᠤᠯᠤᠯᠲᠠ ᠪᠠ ᠶᠡᠷᠦᠩᠬᠡᠢ ᠪᠠᠶᠢᠷᠢᠯᠠᠭᠤᠯᠤᠯᠲᠠ ᠮᠥᠨ᠂ ᠴᠢᠬᠤᠯᠠ ᠶᠡᠭᠡ ᠰᠠᠭᠤᠷᠢ ᠬᠡᠮᠵᠢᠨ ᠵᠢᠷᠤᠭᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢᠨ ᠦᠨᠳᠦᠰᠦᠨ ᠦᠨᠳᠦᠰᠦᠯᠡᠯ ᠮᠥᠨ᠂ ᠪᠠᠰᠠ ᠴᠤ ᠪᠠᠶᠢᠭᠠᠯᠢ ᠶᠢᠨ ᠡᠬᠢ ᠪᠠᠶᠠᠯᠢᠭ ᠤᠨ ︽ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ︾ ᠴᠢᠬᠤᠯᠠ ᠠᠷᠭ᠎ᠠ ᠪᠠᠷᠢᠯ ᠮᠥᠨ᠃    2019 ᠣᠨ ᠤ 11 ᠰᠠᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ︽ᠪᠥᠬᠦ ᠤᠯᠤᠰ ᠤᠨ ᠰᠠᠭᠤᠷᠢ ᠬᠡᠮᠵᠢᠨ ᠵᠢᠷᠤᠭᠯᠠᠯᠲᠠ ᠶᠢᠨ  ︿ᠠᠷᠪᠠᠨ ᠳᠥᠷᠪᠡᠳᠦᠭᠡᠷ ᠲᠠᠪᠤᠨ ᠵᠢᠯ  ﹀ ᠎ ᠤᠨ ᠲᠥᠯᠦᠪᠵᠢᠭᠦᠯᠭᠡ ᠶᠢ ᠨᠠᠶᠢᠷᠠᠭᠤᠯᠤᠨ  ᠲᠤᠭᠤᠷᠪᠢᠬᠤ ᠵᠦᠭᠯᠡᠭᠦᠷ︾ ︵ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ ᠵᠠᠬᠢᠳᠠᠯ ﹇2019﹈ 1914 ᠳ᠋ᠤᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠲᠣᠰ ᠱᠠᠲᠤᠨ ᠤ ᠪᠠᠨ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠣᠰ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠬᠡᠮᠵᠢᠨ ᠵᠢᠷᠤᠭᠯᠠᠯᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠢ ᠥᠷᠨᠢᠭᠦᠯᠬᠦ ᠪᠠ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ ﹇2019﹈ 580 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ᠃ ᠳᠡᠭᠡᠷᠡᠬᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ᠠᠵᠢᠯ ᠤᠨ ᠣᠳᠣᠬᠢ ᠪᠠᠶᠢᠳᠠᠯ ᠪᠠ ᠬᠥᠭᠵᠢᠯᠲᠡ ᠶᠢᠨ ᠬᠠᠨᠳᠤᠰᠢ ᠲᠠᠢ ᠤᠶᠠᠯᠳᠤᠭᠤᠯᠤᠨ᠂ ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠎ ᠤᠨ ᠲᠥᠯᠦᠪᠵᠢᠭᠦᠯᠭᠡ ︵2021 ︱ 2025 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶᠎ ᠶᠢ ᠨᠠᠶᠢᠷᠠᠭᠤᠯᠤᠨ ᠲᠤᠭᠤᠷᠪᠢᠪᠠ ᠃    ᠬᠤᠶᠠᠷ ᠂ ᠨᠠᠶᠢᠷᠠᠭᠤᠯᠤᠨ ᠲᠤᠭᠤᠷᠪᠢᠭᠰᠠᠨ ᠦᠨᠳᠦᠰᠦᠯᠡᠯ    ︵ ᠨᠢᠭᠡ ︶ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ  ᠵᠢᠷᠤᠭᠯᠠᠬᠤ ᠬᠠᠤᠯᠢ ︾    ︵ᠬᠤᠶᠠᠷ︶ ︽ᠰᠠᠭᠤᠷᠢ ᠬᠡᠮᠵᠢᠨ ᠵᠢᠷᠤᠭᠯᠠᠯᠲᠠ ᠶᠢᠨ ᠳᠦᠷᠢᠮ︾    ︵ ᠭᠤᠷᠪᠠ ︶ ︽ ᠪᠦᠬᠦ ᠤᠯᠤᠰ ᠤᠨ ᠰᠠᠭᠤᠷᠢ ᠬᠡᠮᠵᠢᠨ ᠵᠢᠷᠤᠭᠯᠠᠯᠲᠠ ᠶᠢᠨ ᠤᠷᠲᠤᠪᠲᠤᠷ ᠬᠤᠭᠤᠴᠠᠭᠠᠨ ᠤ ᠲᠥᠯᠦᠪᠵᠢᠭᠦᠯᠭᠡ ᠶᠢᠨ ᠲᠣᠪᠴᠢ ︵ 2015—2030 ᠣᠨ ︶ ︾    ︵ᠳᠥᠷᠪᠡ︶ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠯᠲᠠ ᠶᠢᠨ ᠬᠠᠮᠢᠶᠠᠷᠤᠯᠲᠠ ᠶᠢᠨ ᠳᠦᠷᠢᠮ ︾    ︵ ᠲᠠᠪᠤ ︶ ︽ ᠶᠤᠸᠠᠨ ᠪᠦᠦ ᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ︾    ︵ ᠵᠢᠷᠭᠤᠭ᠎ᠠ ︶ ︽ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠎ ᠤᠨ ︿ ᠪᠦᠬᠦ ᠤᠯᠤᠰ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠵᠦᠭᠯᠡᠭᠦᠷ ﹀᠎ ᠢ ᠳᠠᠷᠤᠮᠠᠯᠯᠠᠨ ᠲᠠᠷᠬᠠᠭᠠᠬᠤ ᠲᠤᠬᠠᠢ ᠵᠠᠬᠢᠳᠠᠯ ︾ ︵ ᠪᠠᠶᠢᠭᠠᠯᠢ ᠶᠢᠨ ᠡᠬᠢ ᠪᠠᠶᠠᠯᠢᠭ ᠠᠯᠪᠠᠨ ᠵᠠᠬᠢᠳᠠᠯ 〔 2019 〕 1914  ᠳ᠋ᠤᠭᠡᠷ ᠲᠣᠭᠠᠲᠤ ︶    ︵ᠳᠣᠯᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠡᠯ᠎ᠡ ᠠᠶᠢᠮᠠᠭ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀᠎ ᠤᠨ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠲᠤᠭᠤᠷᠪᠢᠬᠤ ᠲᠤᠬᠠᠢ ᠮᠡᠳᠡᠭᠳᠡᠯ︾ ︵ᠥᠪᠥᠷ ᠮᠤᠩᠭᠤᠯ ᠪᠠᠶᠢᠭᠠᠯᠢ ᠶᠢᠨ ᠡᠬᠢ ᠪᠠᠶᠠᠯᠢᠭ ᠥᠰᠥᠭ ﹇2021﹈ 541 ᠳ᠋ᠤᠭᠡᠷ ᠲᠣᠭᠠᠲᠤ︶    ︵ᠨᠠᠢᠮᠠ︶ ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠲᠥᠰᠥᠯ︾    ᠭᠤᠷᠪᠠ ᠂ ᠨᠠᠶᠢᠷᠠᠭᠤᠯᠤᠨ ᠲᠤᠭᠤᠷᠪᠢᠭᠰᠠᠨ ᠶᠠᠪᠤᠴᠠ    ︽ ᠲᠥᠯᠦᠪᠵᠢᠭᠦᠯᠭᠡ ︾᠎ ᠶᠢ ᠨᠠᠶᠢᠷᠠᠭᠤᠯᠤᠨ ᠲᠤᠭᠤᠷᠪᠢᠬᠤ ᠳᠤ ᠡᠮᠦᠨᠡᠬᠢ ᠬᠤᠭᠤᠴᠠᠭᠠᠨ ᠤ ᠪᠡᠯᠡᠳᠬᠡᠯ ᠂ ᠰᠡᠳᠬᠢᠮᠵᠢ ᠶᠢᠨ ᠰᠤᠳᠤᠯᠤᠯ ᠂ ᠲᠧᠺᠰᠲ ᠨᠠᠶᠢᠷᠠᠭᠤᠯᠬᠤ᠂ ᠰᠠᠨᠠᠯ ᠬᠤᠷᠢᠶᠠᠬᠤ ᠂ ᠬᠢᠨᠠᠨ ᠲᠣᠭᠲᠠᠭᠠᠵᠤ ᠨᠤᠲᠠᠯᠠᠬᠤ ᠪᠠ ᠬᠢᠨᠠᠨ ᠶᠠᠷᠢᠯᠴᠠᠵᠤ ᠬᠡᠷᠡᠭᠵᠢᠭᠦᠯᠬᠦ ᠵᠡᠷᠭᠡ ᠱᠠᠲᠤ ᠦᠶ᠎ᠡ ᠶᠢ ᠥᠩᠭᠡᠷᠡᠭᠡᠵᠡᠢ ᠃    ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ᠦᠶ᠎ᠡ ︵2021 ᠣᠨ ᠤ 12 ᠰᠠᠷ᠎ᠠ ~ 2022 ᠣᠨ ᠤ 4 ᠰᠠᠷ᠎ᠠ︶    ︽ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠎ ᠤᠨ ︿ ᠪᠦᠬᠦ ᠤᠯᠤᠰ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠵᠦᠭᠯᠡᠭᠦᠷ ﹀᠎ ᠢ ᠳᠠᠷᠤᠮᠠᠯᠯᠠᠨ ᠲᠠᠷᠬᠠᠭᠠᠬᠤ ᠲᠤᠬᠠᠢ ᠵᠠᠬᠢᠳᠠᠯ ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠂ ︽ ᠲᠥᠯᠦᠪᠵᠢᠭᠦᠯᠭᠡ ︾᠎ ᠶᠢ ᠨᠠᠶᠢᠷᠠᠭᠤᠯᠤᠨ ᠵᠣᠬᠢᠶᠠᠬᠤ ᠲᠣᠪᠴᠢ ᠶᠢ ᠲᠣᠭᠲᠠᠭᠠᠵᠤ ᠂ ᠦᠨᠳᠦᠰᠦᠨ ᠰᠡᠳᠬᠢᠮᠵᠢ ᠶᠢ ᠲᠣᠭᠲᠠᠭᠠᠬᠤ ᠶᠢᠨ ᠬᠠᠮᠲᠤ ᠲᠤᠭᠤᠷᠪᠢᠨ ᠪᠢᠴᠢᠬᠦ ᠨᠢᠭᠡᠴᠢ ᠶᠢ ᠲᠣᠳᠣᠷᠬᠠᠶᠢᠯᠠᠵᠤ ᠂ ︽ ᠲᠥᠯᠦᠪᠵᠢᠭᠦᠯᠭᠡ ︾᠎ ᠶᠢ ᠨᠠᠶᠢᠷᠠᠭᠤᠯᠤᠨ  ᠲᠤᠭᠤᠷᠪᠢᠬᠤ ᠠᠵᠢᠯ ᠤᠨ ᠰᠠᠭᠤᠷᠢ ᠶᠢ ᠪᠠᠲᠤᠳᠬᠠᠪᠠ ᠃    ︵ᠬᠤᠶᠠᠷ︶ ᠰᠡᠳᠬᠢᠮᠵᠢ ᠰᠤᠳᠤᠯᠬᠤ ᠱᠠᠲᠤ ᠦᠶ᠎ᠡ ︵2022 ᠣᠨ ᠤ 5 ᠰᠠᠷ᠎ᠠ ~ 6 ᠰᠠᠷ᠎ᠠ︶    ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠ ᠰᠤᠳᠤᠯᠤᠨ ᠨᠤᠲᠠᠯᠠᠯᠲᠠ ᠬᠢᠬᠦ ᠪᠠᠷ ᠳᠠᠮᠵᠢᠨ᠂ ᠶᠡᠷᠦᠩᠬᠡᠢ ᠰᠡᠳᠬᠢᠮᠵᠢ ᠪᠠᠨ ᠨᠢᠭᠲᠠᠷᠠᠭᠤᠯᠤᠨ ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ ᠂ ︽ ᠲᠥᠯᠦᠪᠵᠢᠭᠦᠯᠭᠡ ︾᠎ ᠶᠢᠨ ᠪᠣᠷᠣ ᠲᠥᠯᠥᠪ ᠢ ᠪᠦᠷᠢᠯᠳᠦᠭᠦᠯᠵᠦ ᠂ ︽ ᠲᠥᠯᠦᠪᠵᠢᠭᠦᠯᠭᠡ ︾᠎ ᠳᠤ ᠣᠷᠤᠭᠤᠯᠬᠤ ᠴᠢᠬᠤᠯᠠ ᠭᠦᠢᠴᠡᠳᠬᠡᠯ ᠲᠤᠭ᠎ᠠ ᠂ ᠭᠤᠣᠯ ᠡᠭᠦᠷᠭᠡ ᠪᠠ ᠲᠥᠷᠥᠯ ᠵᠥᠢᠯ᠂ ᠴᠢᠬᠤᠯᠠ ᠶᠡᠭᠡ ᠥᠭᠡᠷᠡᠴᠢᠯᠡᠯᠲᠡ ᠪᠠ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠵᠡᠷᠭᠡ ᠶᠢ ᠳᠤᠷᠠᠳᠤᠨ ᠭᠠᠷᠭᠠᠵᠤ ᠂ ︽ ᠲᠥᠯᠦᠪᠵᠢᠭᠦᠯᠭᠡ ︾᠎ ᠶᠢ ᠨᠠᠶᠢᠷᠠᠭᠤᠯᠤᠨ ᠵᠣᠬᠢᠶᠠᠬᠤ ᠠᠵᠢᠯ ᠢ ᠨᠠᠷᠢᠯᠢᠭᠵᠢᠭᠤᠯᠬᠤ ᠳᠤ ᠵᠢᠯᠤᠭᠤᠳᠬᠤ ᠭᠠᠷᠴᠠᠭ ᠬᠠᠩᠭᠠᠪᠠ ᠃    ︵ᠭᠤᠷᠪᠠ︶ ᠲᠧᠺᠰᠲ ᠨᠠᠶᠢᠷᠠᠭᠤᠯᠬᠤ ᠱᠠᠲᠤ ᠦᠶ᠎ᠡ ︵2022 ᠣᠨ ᠤ 7 ᠰᠠᠷ᠎ᠠ ~ 2022 ᠣᠨ ᠤ 8 ᠰᠠᠷ᠎ᠠ︶    ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠭᠡᠯ ᠢ ᠥᠨᠳᠥᠰᠥᠯᠡᠨ᠂ ᠣᠳᠣᠬᠠᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠪᠠ ᠬᠡᠷᠡᠭᠴᠡᠭᠡ ᠎ ᠶᠢ ᠵᠠᠳᠠᠯᠵᠤ ᠰᠤᠳᠤᠯᠤᠨ ᠮᠠᠭᠠᠳᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠵᠢᠴᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ ᠂ ᠡᠭᠦᠷᠭᠡ ᠨᠢᠭᠡᠪᠦᠷᠢ ᠶᠢ ᠨᠠᠷᠢᠯᠢᠭᠵᠢᠭᠤᠯᠤᠨ ᠂ ᠲᠥᠷᠥᠯ ᠵᠦᠢᠯ ᠤᠨ ᠵᠠᠷᠤᠳᠠᠯ ᠤᠨ ᠲᠥᠰᠥᠪ ᠢ ᠵᠢᠭᠰᠠᠭᠠᠵᠤ ᠂ ︽ ᠲᠥᠯᠦᠪᠵᠢᠭᠦᠯᠭᠡ ︵ ᠠᠩᠬᠠᠨ ᠤ ᠨᠣᠣᠷᠠᠭ ︶ ︾᠎ ᠎ ᠢ ᠪᠤᠢ ᠪᠤᠯᠭᠠᠵᠤ᠂ ᠲᠥᠯᠦᠪᠵᠢᠭᠦᠯᠭᠡ ᠶᠢ ᠨᠠᠶᠢᠷᠠᠭᠤᠯᠤᠨ  ᠲᠤᠭᠤᠷᠪᠢᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠂ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠬᠤᠷᠠᠯ ᠵᠡᠷᠭᠡ ᠶᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠪᠠᠷ  ᠳᠠᠮᠵᠢᠨ᠂ ︽ ᠲᠥᠯᠦᠪᠵᠢᠭᠦᠯᠭᠡ ︵ ᠠᠩᠬᠠᠨ ᠤ ᠨᠣᠣᠷᠠᠭ ︶ ︾᠎ ᠳᠤ ᠬᠡᠳᠦ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠂ ᠰᠡᠭᠦᠯ ᠳᠤᠨᠢ ︽ ᠲᠥᠯᠦᠪᠵᠢᠭᠦᠯᠭᠡ ︵ ᠰᠠᠨᠠᠯ ᠬᠤᠷᠢᠶᠠᠬᠤ ᠨᠣᠣᠷᠠᠭ ︶ ︾᠎ ᠢ ᠪᠤᠢ ᠪᠣᠯᠭᠠᠪᠠ ᠃    ︵ᠳᠥᠷᠪᠡ︶ ᠰᠠᠨᠠᠯ ᠬᠤᠷᠢᠶᠠᠬᠤ ᠱᠠᠲᠤ ᠦᠶ᠎ᠡ ︵2022 ᠣᠨ ᠤ 9 ᠰᠠᠷ᠎ᠠ ~ 2022 ᠣᠨ ᠤ 12 ᠰᠠᠷ᠎ᠠ︶    ᠶᠤᠸᠠᠨ ᠪᠦᠦ ᠱᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠶᠢᠨ ᠰᠠᠨᠠᠭᠤᠯᠭ᠎ᠠ ᠰᠠᠨᠠᠯ ᠢ ᠥᠷᠭᠡᠨ ᠢᠶᠠᠷ ᠴᠤᠭᠯᠠᠭᠤᠯᠵᠤ᠂ ︽ᠲᠥᠯᠦᠪᠵᠢᠭᠦᠯᠭᠡ ︵ᠰᠠᠨᠠᠯ ᠬᠤᠷᠢᠶᠠᠬᠤ ᠨᠣᠣᠷᠠᠭ︶︾᠎ ᠳᠤ ᠵᠠᠰᠠᠪᠤᠷᠢ ᠣᠷᠣᠭᠤᠯᠬᠤ ᠶᠢ ᠪᠡᠶᠡᠯᠡᠭᠦᠯᠪᠡ ᠃    ︵ᠲᠠᠪᠤ︶ ᠬᠢᠨᠠᠨ ᠲᠣᠭᠲᠠᠭᠠᠵᠤ ᠨᠤᠲᠠᠯᠠᠬᠤ ᠱᠠᠲᠤ ᠦᠶ᠎ᠡ ︵2023 ᠣᠨ ᠤ 1 ᠳ᠋ᠤᠭᠡᠷ ᠰᠠᠷ᠎ᠠ ︱ 2023 ᠣᠨ ᠤ 3 ᠳ᠋ᠤᠭᠠᠷ ᠰᠠᠷ᠎ᠠ︶    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠯᠲᠠ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠡᠮᠵᠢᠨ ᠵᠢᠷᠤᠭᠯᠠᠬᠤ ᠭᠠᠵᠠᠷ᠂ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠥᠭᠡᠴᠡᠯᠡᠨ ᠡᠮᠬᠢᠯᠡᠬᠦ ᠲᠥᠪ᠂ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠬᠡᠮᠵᠢᠨ ᠵᠢᠷᠤᠭᠯᠠᠬᠤ ᠰᠠᠯᠠᠭ᠎ᠠ᠂ ᠲᠢᠶᠠᠨᠵᠢᠨ ᠬᠤᠲᠠ ᠶᠢᠨ ᠬᠡᠮᠵᠢᠨ ᠵᠢᠷᠤᠭᠯᠠᠬᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠵᠡᠷᠭᠡ ᠨᠢᠭᠡᠴᠢ ᠶᠢᠨ ᠲᠤᠰᠬᠠᠢ ᠮᠡᠷᠭᠡᠵᠢᠯᠲᠡᠨ ᠢ ᠤᠷᠢᠨ ᠬᠢᠨᠠᠨ ᠲᠣᠭᠲᠠᠭᠠᠬᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ ︽ ᠲᠥᠯᠦᠪᠵᠢᠭᠦᠯᠭᠡ ︾᠎ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃    ︵ᠵᠢᠷᠭᠤᠭ᠎ᠠ︶ ᠬᠢᠨᠠᠨ ᠵᠥᠪᠯᠡᠵᠦ ᠬᠡᠷᠡᠭᠵᠢᠭᠦᠯᠬᠦ ᠱᠠᠲᠤ ᠦᠶ᠎ᠡ ︵2023 ᠣᠨ ᠤ 4 ᠰᠠᠷ᠎ᠠ ︱ 5 ᠰᠠᠷ᠎ᠠ︶    ᠲᠣᠭᠤᠷᠢᠭ ᠤᠨ ᠵᠠᠰᠠᠭ ᠤᠨ ᠣᠷᠳᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠎ ᠤᠨ ᠬᠢᠨᠠᠨ ᠵᠦᠪᠯᠡᠯᠭᠡ ᠪᠠᠷ ᠪᠠᠲᠤᠯᠠᠭᠳᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃    ᠳᠥᠷᠪᠡ᠂ ᠲᠥᠯᠦᠪᠵᠢᠭᠦᠯᠭᠡ ᠶᠢᠨ ᠡᠭᠦᠷᠭᠡ    ︽ᠲᠥᠯᠦᠪᠵᠢᠭᠦᠯᠭᠡ︾᠎ ᠳᠤ᠂ ︿ ᠠᠷᠪᠠᠨ ᠳᠥᠷᠪᠡᠳᠦᠭᠡᠷ ᠲᠠᠪᠤᠨ ᠵᠢᠯ ﹀ ᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ᠬᠥᠭᠵᠢᠯᠲᠡ ᠶᠢᠨ ᠭᠤᠣᠯ ᠡᠭᠦᠷᠭᠡ ᠪᠣᠯ᠄ ᠣᠷᠣᠨ ᠪᠦᠰᠡ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠰᠠᠭᠤᠷᠢ ᠪᠠᠲᠤᠯᠠᠭ᠎ᠠ ᠶᠢ ᠪᠠᠲᠤᠳᠬᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠦᠢᠯᠡᠴᠢᠯᠡᠵᠦ ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠠᠯᠠᠨ᠎ᠠ︔ ᠨᠡᠶᠢᠭᠡᠮ ᠤᠨ ᠬᠠᠮᠲᠤᠪᠠᠷ ᠡᠳ᠋ᠯᠡᠬᠦ ᠬᠥᠭᠵᠢᠯᠲᠡ ᠳᠤ ᠦᠢᠯᠡᠴᠢᠯᠡᠵᠦ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ ᠃ ᠤᠳᠤ ᠦᠶ᠎ᠡ ᠶᠢᠨ ᠬᠡᠮᠵᠢᠨ ᠵᠢᠷᠤᠭᠯᠠᠯᠲᠠ ᠶᠢᠨ ᠰᠠᠭᠤᠷᠢ ᠪᠠᠷᠢᠮᠵᠢᠶᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠰ ᠳᠡᠪᠰᠢᠭᠦᠯᠦᠨ ᠥᠭᠡᠷᠡᠴᠢᠯᠡᠵᠦ ᠂ ᠰᠠᠭᠤᠷᠢ ᠬᠡᠮᠵᠢᠨ ᠵᠢᠷᠤᠭᠯᠠᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠰᠢᠨᠡᠳᠬᠡᠵᠦ ᠂ ᠰᠢᠨ᠎ᠡ ᠬᠡᠯᠪᠡᠷᠢ ᠶᠢᠨ ᠰᠠᠭᠤᠷᠢ ᠬᠡᠮᠵᠢᠨ ᠵᠢᠷᠤᠭᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠦᠨ ᠂ ︽ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠡ ︾᠎ ᠶᠢᠨ ᠪᠠᠶᠢᠭᠤᠯᠤᠯᠲᠠ ᠶᠢ ᠥᠷᠨᠢᠭᠦᠯᠵᠦ ᠂ ᠭᠠᠵᠠᠷ ᠵᠦᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠂ ᠬᠡᠮᠵᠢᠨ ᠵᠢᠷᠤᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠂ ᠴᠢᠳᠠᠪᠤᠷᠢᠲᠠᠨ ᠢ ᠴᠤᠭᠯᠠᠷᠠᠭᠤᠯᠬᠤ  ᠬᠥᠴᠥᠯᠡᠴᠡ ᠶᠢ ᠴᠢᠩᠭᠠᠳᠬᠠᠨ᠎ᠠ ᠃ 2025 ᠣᠨ ᠪᠣᠯᠬᠤ ᠳᠤ ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠱᠠᠲᠤᠨ ᠳᠤ ᠵᠣᠬᠢᠴᠠᠭᠰᠠᠨ ᠰᠠᠭᠤᠷᠢ ᠬᠡᠮᠵᠢᠨ ᠵᠢᠷᠤᠭᠯᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ ᠂ ᠣᠷᠣᠨ ᠵᠠᠢ ᠶᠢᠨ ᠪᠠᠶᠢᠷᠢᠰᠢᠯ ᠤᠨ ᠦᠢᠯᠡᠴᠢᠯᠡᠭᠡ ᠶᠢ ᠨᠡᠩ ᠣᠨᠣᠪᠴᠢᠲᠠᠢ ᠪᠣᠯᠭᠠᠵᠤ ᠂ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ ᠂ ᠭᠠᠵᠠᠷ ᠵᠦᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠬᠡᠮᠵᠢᠨ ᠵᠢᠷᠤᠭᠯᠠᠯᠲᠠ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠦᠨ᠎ᠡ ᠃    ᠲᠠᠪᠤ ᠂ ᠲᠥᠯᠦᠪᠵᠢᠭᠦᠯᠭᠡ ᠶᠢᠨ ᠣᠨᠴᠠᠯᠢᠭ    ︽ᠲᠥᠯᠦᠪᠵᠢᠭᠦᠯᠭᠡ︾᠎ ᠨᠢ ᠨᠡᠶᠢᠲᠡ ᠵᠢᠷᠭᠤᠭᠠᠨ ᠬᠡᠰᠡᠭ ᠪᠠᠶᠢᠵᠤ᠂ ᠲᠣᠰ ᠲᠣᠰ ᠬᠥᠭᠵᠢᠯᠲᠡ ᠶᠢᠨ ᠬᠠᠨᠳᠤᠰᠢ ᠪᠠ ᠬᠡᠷᠡᠭᠴᠡᠭᠡ ᠶᠢᠨ ᠵᠠᠳᠠᠯᠤᠯᠲᠠ᠂ ᠬᠥᠭᠵᠢᠯᠲᠡ ᠶᠢᠨ ᠰᠠᠭᠤᠷᠢ ᠵᠢᠴᠢ ᠭᠤᠣᠯ ᠥᠷᠢᠰᠦᠯᠳᠦᠭᠡᠨ᠂ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠵᠠᠷᠤᠳᠠᠯ ᠤᠨ ᠲᠥᠰᠥᠪ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃    ︽ᠲᠥᠯᠦᠪᠵᠢᠭᠦᠯᠭᠡ︾᠎ ᠶᠢᠨ ᠣᠨᠴᠠᠯᠢᠭ᠄ ᠨᠢᠭᠡ ᠳᠤ ᠂ ᠬᠡᠮᠵᠢᠨ ᠵᠢᠷᠤᠭᠯᠠᠯᠲᠠ ᠶᠢᠨ ᠪᠥᠬᠦ ᠠᠵᠢᠯ ᠢ ᠬᠠᠮᠤᠷᠴᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠬᠦ ᠲᠥᠯᠦᠪᠵᠢᠭᠦᠯᠭᠡ ᠳᠤ ᠣᠷᠣᠭᠤᠯᠵᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠭᠤᠷᠢ ᠬᠡᠮᠵᠢᠨ ᠵᠢᠷᠤᠭᠯᠠᠯᠲᠠ ᠶᠢᠨ ᠠᠵᠢᠯ ᠢ ᠴᠢᠬᠤᠯᠠᠴᠢᠯᠠᠵᠤ ᠪᠠᠶᠢᠬᠤ ᠶᠢ ᠢᠯᠡᠷᠡᠭᠦᠯᠪᠡ︔ ᠬᠤᠶᠠᠷ ᠲᠤ ᠂ ︽ ᠲᠥᠯᠦᠪᠵᠢᠭᠦᠯᠭᠡ ︾᠎ ᠳᠤ ᠬᠡᠮᠵᠢᠨ ᠵᠢᠷᠤᠭᠯᠠᠯᠲᠠ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠭᠦᠢᠴᠡᠳ ᠨᠠᠶᠢᠳᠠᠪᠤᠷᠢᠵᠢᠭᠤᠯᠵᠤ ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠲᠤᠯᠭᠠᠭᠤᠷᠢᠯᠠᠬᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠦᠢᠯᠡᠴᠢᠯᠡᠬᠦ ᠂ ᠡᠯ᠎ᠡ ᠠᠵᠢᠯ ᠲᠦᠷᠦᠯ ᠤᠨ ᠬᠡᠷᠡᠭᠴᠡᠭᠡ ᠶᠢ ᠲᠤᠯᠭᠠᠭᠤᠷᠢᠯᠠᠬᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠᠶᠢᠷᠢ ᠲᠣᠭᠲᠠᠭᠠᠯᠲᠠ ᠶᠢ ᠢᠯᠡᠷᠡᠭᠦᠯᠪᠡ︔ ᠭᠤᠷᠪᠠ ᠳᠤ᠂ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ ᠎ ᠨᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠪᠠᠷ ᠶᠡᠷᠦᠩᠬᠡᠶᠢᠯᠡᠨ ᠵᠠᠬᠢᠷᠤᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠵᠢᠷᠤᠮᠯᠠᠪᠠ ︔ ᠳᠥᠷᠪᠡ ᠳᠤ ᠂ ︽ ᠲᠥᠯᠦᠪᠵᠢᠭᠦᠯᠭᠡ ︾᠎ ᠳᠤ ᠭᠤᠣᠯ ᠡᠭᠦᠷᠭᠡ ᠶᠢ ᠲᠣᠳᠣᠷᠬᠠᠶᠢᠯᠠᠪᠠ ︔ ᠲᠠᠪᠤ ᠳᠤ ᠂ ︽ ᠲᠥᠯᠦᠪᠵᠢᠭᠦᠯᠭᠡ ︾᠎ ᠳᠤ ᠬᠡᠮᠵᠢᠨ ᠵᠢᠷᠤᠭᠯᠠᠯᠲᠠ ᠶᠢᠨ ᠰᠢᠨ᠎ᠡ ᠮᠡᠷᠭᠡᠵᠢᠯ ᠢ ᠬᠡᠷᠡᠭᠯᠡᠨ ᠬᠠᠩᠭᠠᠯᠭ᠎ᠠ ᠬᠡᠷᠡᠭᠴᠡᠭᠡᠨ ᠤ ᠪᠡᠷᠬᠡ ᠰᠡᠳᠦᠪ ᠢ ᠰᠢᠢᠳᠪᠦᠷᠢᠯᠡᠬᠦ ᠶᠢ ᠢᠯᠡᠷᠡᠭᠦᠯᠪᠡ︔ ᠵᠢᠷᠭᠤᠭ᠎ᠠ ᠳᠤ ᠂ ︽ ᠲᠥᠯᠦᠪᠵᠢᠭᠦᠯᠭᠡ ︾᠎ ᠶᠢᠨ ᠲᠥᠷᠥᠯ ᠵᠥᠢᠯ ᠵᠢᠴᠢ ᠵᠠᠷᠤᠳᠠᠯ ᠎ ᠨᠢ ᠪᠣᠲᠠᠲᠠᠢ ᠪᠥᠭᠡᠳ ᠬᠡᠷᠡᠭᠵᠢᠭᠦᠯᠵᠦ ᠪᠣᠯᠬᠤᠶᠢᠴᠠ ᠪᠠᠶᠢᠵᠤ᠂ ᠦᠨᠡᠨ ᠠᠴᠠ ᠵᠥᠪ ᠢ ᠡᠷᠢᠵᠦ ᠂ ᠲᠥᠰᠥᠪ ᠎ ᠨᠢ ᠠᠷᠪᠢᠯᠠᠨ ᠭᠠᠮᠨᠠᠬᠤ ᠵᠠᠷᠴᠢᠮ ᠢ ᠢᠯᠡᠷᠡᠭᠦᠯᠪᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1