ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠵᠢᠭᠰᠠᠭᠠᠯ︾᠎ ᠢᠶᠠᠷ ᠬᠥᠳᠡᠭᠡ ᠲᠣᠰᠬᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠬᠤ ᠪᠣᠷᠤᠯᠠᠭᠤᠯᠬᠤ ᠨᠡᠶᠢᠯᠡᠮᠡᠯ ᠴᠣᠭᠴᠠ ᠶᠢ ᠡᠭᠦᠳᠴᠥ ᠪᠠᠶᠢᠨ᠎ᠠ
ᠨᠡᠶᠢᠲᠡᠯᠡᠭᠰᠡᠨ ᠴᠠᠭ᠄
2023/5/18
    ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠵᠢᠭᠰᠠᠭᠠᠯ ︾ ᠎ ᠢᠶᠠᠷ ᠬᠥᠳᠡᠭᠡ ᠲᠣᠰᠬᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠪᠣᠷᠣᠯᠠᠭᠤᠯᠬᠤ ᠂ ᠬᠥᠳᠡᠭᠡ ᠲᠣᠰᠬᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠥᠷᠭᠡᠳᠬᠡᠬᠦ ᠂ ᠪᠣᠷᠤᠯᠠᠭᠤᠯᠭ᠎ᠠ ᠶᠢᠨ ᠵᠠᠮ ᠢ ᠥᠷᠭᠡᠳᠬᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠂ ᠮᠡᠷᠭᠡᠵᠢᠯ ᠢ ᠠᠭᠤᠰᠤᠯᠴᠠᠭᠤᠯᠬᠤ ᠪᠠᠷ ᠳᠠᠮᠵᠢᠨ ᠡᠯ᠎ᠡ ᠲᠣᠰᠬᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠤ ᠪᠣᠷᠤᠯᠠᠭᠤᠯᠭ᠎ᠠ ᠶᠢᠨ ᠬᠡᠯᠬᠢᠶ᠎ᠡ ᠶᠢ ︽ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠵᠢᠭᠰᠠᠭᠠᠯ ︾᠎ ᠤᠨ ᠲᠠᠪᠴᠠᠩ ᠳᠤ ᠲᠥᠪᠯᠡᠷᠡᠭᠦᠯᠵᠦ ᠂ ᠪᠦᠲᠦᠭᠡᠭᠳᠡᠬᠦᠨ ᠤ ᠤᠬᠠᠭᠤᠯᠭ᠎ᠠ ᠶᠢ ᠵᠡᠷᠭᠡᠪᠡᠷ ᠥᠷᠨᠢᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠤᠬᠠᠭᠤᠯᠭ᠎ᠠ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠬᠤ ᠵᠢᠭᠰᠠᠭᠠᠯ ᠢ ᠪᠦᠷᠢᠯᠳᠦᠭᠦᠯᠵᠦ ᠂ ᠬᠡᠷᠡᠭᠯᠡᠭᠴᠢᠳ ᠵᠢᠷᠭᠢᠶ᠎ᠡ ᠶᠢᠨ ᠵᠢᠵᠢᠭ ᠫᠷᠣᠭ᠍ᠷᠠᠮ ᠢᠶᠠᠷ ᠳᠠᠮᠵᠢᠨ ᠨᠢᠭᠡ ᠵᠢᠭᠰᠠᠭᠠᠯ ᠢᠶᠠᠷ ᠪᠦᠬᠦ ᠬᠡᠪᠴᠢᠶᠡᠨ ᠳᠤ ᠬᠤᠳᠠᠯᠳᠤᠨ ᠠᠪᠴᠤ ᠂ ᠲᠣᠰᠬᠤᠨ ᠤ ᠳᠡᠰ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ︽ ᠬᠤᠪᠢ ᠬᠤᠪᠢ ᠢᠶᠠᠷ ᠢᠶᠠᠨ ᠲᠡᠮᠡᠴᠡᠯᠳᠦᠬᠦ︾ ᠪᠠᠶᠢᠳᠠᠯ ᠢ ᠦᠭᠡᠶᠢᠰᠬᠡᠭᠰᠡᠨ ᠪᠠᠶᠢᠨ᠎ᠠ᠃ ᠣᠳᠣᠬᠠᠨ ᠳᠤ᠂ ᠲᠣᠰ ᠲᠠᠪᠴᠠᠩ ᠨᠢ ᠨᠢᠭᠡᠨᠲᠡ ᠲᠣᠰ ᠭᠠᠵᠠᠷ ᠣᠷᠣᠨ ᠤ ᠪᠠᠨ ᠲᠠᠷᠢᠶᠠᠯᠠᠩ ᠳᠤ ᠬᠤᠯᠪᠣᠭᠳᠠᠬᠤ 30 ᠭᠠᠷᠤᠢ ᠠᠵᠤ ᠠᠬᠤᠶᠢᠯᠠᠯ ᠳᠤ ᠣᠷᠣᠵᠤ ᠰᠠᠭᠤᠭᠠᠳ᠂ 600 ᠭᠠᠷᠤᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ 10 ᠭᠠᠷᠤᠢ ᠦᠢᠯᠡᠴᠢᠯᠡᠭᠡᠨ ᠤ ᠡᠵᠡᠩᠨᠡᠯᠲᠡ ᠶᠢᠨ ᠲᠣᠰᠬᠤᠨ ᠢ ᠰᠦᠯᠵᠢᠶᠡᠨ ᠳᠤ ᠣᠷᠣᠭᠤᠯᠵᠤ᠂ ᠲᠣᠰᠬᠤᠨ ᠤ ᠬᠠᠮᠲᠤ ᠶᠢ ᠳᠠᠶᠢᠴᠢᠯᠠᠨ 200 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1