ᠳᠥᠷᠪᠡᠨ ᠭᠡᠷ ᠲᠤᠰᠬᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/19
    ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠶᠢᠨ ᠲᠥᠯᠥᠭᠡ ᠂ 2023 ᠣᠨ ᠤ 5 ᠰᠠᠷ᠎ᠠ ᠶᠢᠨ 15 ᠎ ᠤ ᠦᠳᠡ ᠶᠢᠨ ᠡᠮᠦᠨ᠎ᠡ ᠂ ᠳᠥᠷᠪᠡᠨ ᠭᠡᠷ ᠲᠤᠰᠬᠤᠨ 5 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠢᠶᠠᠷ ᠠᠵᠠ ᠲᠣᠬᠢᠶᠠᠯ ᠪᠣᠯᠭᠠᠨ ︽ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ ︾ ᠎ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠡᠢ ᠃    ᠬᠤᠷᠠᠯ ᠳᠡᠭᠡᠷ᠎ᠡ᠂ ᠨᠠᠮ ᠤᠨ ᠶᠡᠷᠦᠩᠬᠡᠢ ᠡᠭᠦᠷ ᠤᠨ ᠱᠦᠵᠢ ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠳᠠᠭᠠᠭᠤᠯᠤᠨ ᠰᠤᠷᠤᠯᠴᠠᠵᠤ᠂ ᠥᠷᠭᠡᠨ ᠣᠯᠠᠨ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠠ ᠬᠠᠤᠯᠢ ᠳᠦᠷᠢᠮ ᠤᠨ ᠣᠶᠢᠯᠠᠭᠠᠭᠳᠠᠬᠤᠨ ᠎ ᠢᠶᠠᠨ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ᠭᠡᠵᠡᠢ᠃    ᠲᠣᠰ ᠤᠳᠠᠭᠠᠨ ᠤ ᠤᠬᠠᠭᠤᠯᠤᠨ ᠰᠤᠷᠤᠯᠴᠠᠬᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠣᠯᠠᠨ ᠲᠦᠮᠡᠨ ᠎ ᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠳᠡᠭᠡᠭᠰᠢᠯᠡᠭᠦᠯᠦᠨ᠂ ᠰᠠᠶᠢᠨ ᠰᠠᠶᠢᠬᠠᠨ ᠤᠬᠠᠭᠤᠯᠬᠤ ᠠᠭᠤᠷ ᠠᠮᠢᠰᠬᠤᠯ ᠢ ᠪᠣᠶ ᠪᠣᠯᠭᠠᠵᠤ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ ᠳᠥᠷᠪᠡᠨ ᠭᠡᠷ ᠲᠣᠰᠬᠤᠨ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ 
 
ᠢᠷᠡᠯᠲᠡ᠄ ︽ᠪᠠᠭ᠋ᠠᠷᠤᠮ᠎ᠠ ᠰᠠᠶᠢᠬᠠᠨ ᠮᠣᠬᠤᠷ ᠭᠤᠣᠯ ᠪᠠᠯᠭᠠᠰᠤ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1